ᠸᠠᠩ ᠯᠢ ᠰᠢᠶ᠋ᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠡᠭ ᠶᠡᠷᠤᠩᠭᠡᠢ ᠱᠦᠵᠢ  ᠶᠢᠨ ᠾᠧᠪᠸᠢ ᠮᠤᠵᠢ ᠶᠢᠨ ᠴᠸᠡᠭᠳᠧ ᠳᠤ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ︽ᠬᠤᠶᠠᠷ ᠦᠨᠳᠤᠷ︾ ᠲᠦᠷᠤᠯ ᠵᠦᠢᠯ ᠢ ᠰᠤᠬᠤᠷ ᠪᠠᠯᠠᠢ ᠪᠠᠷ ᠬᠦᠭᠵᠢᠬᠦᠯᠬᠦ ᠶᠢ ᠬᠤᠷᠢᠬᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/3
ᠸᠠᠩ ᠯᠢ ᠰᠢᠶ᠋ᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠡᠭ ᠶᠡᠷᠤᠩᠭᠡᠢ ᠱᠦᠵᠢ ᠶᠢᠨ ᠾᠧᠪᠸᠢ ᠮᠤᠵᠢ  ᠶᠢᠨ ᠴᠸᠡᠭᠳᠧ ᠳᠤ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ︽ᠬᠤᠶᠠᠷ ᠦᠨᠳᠤᠷ︾ ᠲᠦᠷᠤᠯ ᠵᠦᠢᠯ ᠢ ᠰᠤᠬᠤᠷ ᠪᠠᠯᠠᠢ ᠪᠠᠷ ᠬᠦᠭᠵᠢᠬᠦᠯᠬᠦ ᠶᠢ ᠬᠤᠷᠢᠬᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ       8 ᠳ᠋ᠤᠭᠠᠷ ᠰᠠᠷ᠎ᠠ ᠶᠢᠨ 30 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷᠤᠯᠠᠬᠴᠢ ᠲᠠᠷᠤᠭ᠎ᠠ ᠸᠠᠩ ᠯᠢ ᠰᠢᠶ᠋ᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠡᠭᠭᠤ  ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠡᠭ ᠶᠡᠷᠤᠩᠭᠡᠢ ᠱᠦᠵᠢ ᠶᠢᠨ ᠾᠧᠪᠸᠢ ᠮᠤᠵᠢ ᠶᠢᠨ ᠴᠸᠡᠭᠳᠧ ᠳᠤ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ᠂ ᠪᠦᠬᠦ ᠤᠯᠤᠰ ᠤᠨ ︽ᠬᠤᠶᠠᠷ ᠦᠨᠳᠤᠷ︾ ᠲᠦᠷᠤᠯ ᠵᠦᠢᠯ ᠢ ᠰᠤᠬᠤᠷ ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠬᠯᠠᠬᠤ ᠲᠤᠬᠠᠢ ᠲᠧᠯᠸᠢᠰ ᠳ᠋ᠢᠶᠠᠩᠬᠤᠸ᠋ᠨ ᠬᠤᠷᠠᠯ ᠪᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠤᠬᠰᠠᠨ ᠪᠦᠬᠡᠳ ᠬᠤᠯᠪᠤᠬᠳᠠᠯ ᠪᠦᠬᠦᠢ ᠮᠠᠲ᠋ᠧᠷᠢᠶᠠᠯ ᠪᠤᠯᠤᠨ ᠬᠡᠷᠡᠭ ᠤᠴᠢᠷ ᠢ ᠵᠦᠪᠯᠡᠪᠡ᠃         ᠬᠤᠷᠠᠯ ᠠᠴᠠ ᠵᠢᠭᠠᠬᠰᠠᠨ ᠨᠢ᠂ ᠰᠢ ᠶᠢᠨ ᠫᠢᠡᠭ ᠶᠡᠷᠤᠩᠭᠡᠢ ᠱᠦᠵᠢ ᠶᠢᠨ ᠴᠸᠡᠭᠳᠧ ᠳᠤ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠨ ᠶᠠᠷᠢᠶ᠎ᠠ ᠶᠢᠨ ᠠᠭᠤᠯᠬᠤᠨ ᠨᠢ ᠡᠯᠪᠡᠭ ᠪᠠᠶᠠᠯᠢᠭ᠂ ᠱᠠᠭᠠᠷᠳᠠᠯᠭ᠎ᠠ ᠨᠢ ᠲᠤᠳᠤᠷᠬᠠᠢ ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷᠳᠠᠢ᠂ ᠤᠯᠤᠰ ᠲᠦᠷᠤᠴᠢ ᠴᠢᠨᠠᠷᠳᠠᠢ᠂ ᠵᠢᠯᠤᠭᠤᠳᠬᠤ ᠴᠢᠨᠠᠷ ᠪᠤᠯᠤᠨ ᠬᠠᠨᠳᠤᠯᠭᠠᠳᠤ ᠴᠢᠨᠠᠷᠳᠠᠢ ᠶᠤᠮ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠬᠢᠨᠠᠮᠠᠭᠠᠢ ᠰᠤᠷᠤᠯᠴᠠᠨ ᠤᠶᠢᠯᠠᠭᠠᠵᠤ ᠂ ᠬᠦᠨᠵᠡᠬᠡᠢ ᠤᠶᠢᠯᠠᠭᠠᠨ ᠡᠵᠡᠮᠳᠡᠵᠤ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃       ᠰᠢ ᠶᠢᠨ ᠫᠢᠡᠭ ᠶᠡᠷᠤᠩᠭᠡᠢ ᠱᠦᠵᠢ ᠶᠢᠨ ᠴᠸᠡᠭᠳᠧ ᠳᠤ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠬᠤ ᠶᠢ ᠰᠢ ᠶᠢᠨ ᠫᠢᠡᠭ ᠶᠡᠷᠤᠩᠭᠡᠢ ᠱᠦᠵᠢ ᠶᠢᠨ ᠦᠪᠤᠷ ᠮᠤᠩᠭᠤᠯ ᠳᠤ ᠦᠭᠭᠦᠭᠰᠡᠨ ᠴᠢᠬᠤᠯᠨ ᠶᠠᠷᠢᠶ᠎ᠠ ᠴᠢᠬᠤᠯᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠤᠨ᠂ ︽ᠬᠤᠶᠠᠷ ᠰᠠᠭᠤᠷᠢᠨ︾᠂ ︽ᠬᠤᠶᠠᠷ ᠬᠠᠯᠬᠠᠪᠴᠢ︾ ᠪᠤᠯᠤᠨ ︽ᠨᠢᠬᠡ ᠪᠠᠬᠢᠯᠡᠯᠳᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠪᠠᠷ ᠲᠤᠳᠠᠭᠤᠳᠠᠯ ᠢᠶᠠᠨ ᠨᠦᠬᠦᠪᠤᠷᠢᠯᠡᠨ᠂ ᠪᠠᠭᠤᠷᠠᠢ ᠲᠠᠯ᠎ᠠ ᠪᠠᠨ ᠬᠦᠴᠤᠷᠭᠡᠭᠵᠢᠬᠦᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠤ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷᠯᠢᠭ ᠬᠦᠭᠵᠢᠯᠳᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠳᠡᠢ᠃ ᠲᠡᠤᠬᠡᠨ ᠲᠤᠷᠠᠰᠬᠠᠯᠳᠤ ᠵᠦᠢᠯᠡᠰ ᠪᠤᠯᠤᠨ ᠲᠡᠤᠬᠡᠨ ᠦᠯᠡᠳᠡᠭᠳᠡᠯ ᠤᠨ ᠪᠠᠭᠤᠷᠢ ᠶᠢ ᠬᠠᠮᠠᠭᠠᠯᠠᠬᠤ ᠠᠵᠢᠯ ᠢ ᠤᠯᠠᠮ ᠴᠢᠩᠭᠠᠳᠬᠠᠬᠤ ᠬᠡᠷᠡᠭᠳᠡᠢ᠃ ᠰᠢᠨ᠎ᠡ ᠴᠠᠭ ᠦᠶ᠎ᠡ ᠶᠢᠨ ︽ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ᠂ ᠮᠠᠯ ᠲᠠᠷᠢᠶᠠᠯᠠᠩ︾ ᠤᠨ ᠠᠵᠢᠯ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ  ᠶᠢᠨ ᠴᠢᠬᠤᠯᠨ ᠴᠢᠨᠠᠷ ᠪᠤᠯᠤᠨ ᠲᠤᠯᠭᠠᠮ ᠴᠢᠨᠠᠷ ᠢ ᠬᠦᠢᠴᠡᠳ ᠲᠠᠨᠢᠵᠤ ᠰᠠᠶᠢᠳᠤᠷ ᠬᠢᠨ᠂ ᠠᠵᠤ ᠦᠢᠯᠡᠰ ᠢᠶᠠᠷ ᠮᠠᠨᠳᠤᠭᠤᠯᠬᠤ ᠡᠨᠡ ᠬᠦ ᠭᠤᠤᠯᠳᠠᠯᠭ᠎ᠠ ᠶᠢ ᠪᠠᠳᠤ ᠡᠵᠡᠮᠳᠡᠨ᠂ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠶᠢᠨ ᠠᠵᠢᠯᠯᠠᠭ᠎ᠠ ᠶᠢ ᠶᠡᠭᠡ ᠪᠠᠷ ᠬᠡᠷᠡᠭᠵᠢᠬᠦᠯᠬᠦ ᠬᠡᠷᠡᠭᠳᠡᠢ᠃ ᠪᠦᠳᠦᠮᠵᠢᠳᠡᠢ ᠠᠷᠭ᠎ᠠ ᠬᠡᠮᠵᠢᠶ᠎ᠡ ᠪᠠᠷ ᠬᠦᠮᠤᠨ ᠠᠮᠨ ᠶᠢᠨ ᠨᠠᠰᠤᠵᠢᠯᠳᠠ ᠶᠢ ᠢᠳᠡᠪᠬᠢᠳᠡᠢ ᠠᠷᠭᠠᠴᠠᠭᠠᠨ᠂ ᠮᠠᠨ ᠤ ᠤᠷᠤᠨ ᠤ ᠨᠠᠰᠤᠵᠢᠯ ᠤᠨ ᠦᠢᠯᠡᠴᠢᠯᠡᠬᠡᠨ ᠤ ᠲᠤᠬᠠᠶᠢᠯᠠᠬᠰᠠᠨ ᠠᠵᠢᠯ ᠤᠨ ᠴᠢᠨᠠᠷᠯᠢᠭ ᠬᠦᠭᠵᠢᠯᠳᠡ ᠶᠢ ᠠᠬᠢᠭᠤᠯᠵᠤ᠂ ᠲᠠᠶᠢᠪᠤᠰᠢᠷᠠᠬᠤ ᠦᠵᠡᠯ ᠰᠠᠨᠠᠭ᠎ᠠ᠂ ᠲᠠᠶᠢᠳᠤᠬᠤ ᠠᠴᠠ ᠬᠠᠯᠠᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠦᠷᠤᠯ  ᠤᠨ ᠠᠵᠢᠯ ᠢ ᠤᠬᠳᠤ ᠰᠤᠯᠠᠷᠠᠭᠤᠯᠤᠯ ᠦᠬᠡᠢ ᠰᠠᠶᠢᠳᠤᠷ ᠠᠳᠬᠤᠬᠤ ᠬᠡᠷᠡᠭᠳᠡᠢ᠃           ᠬᠤᠷᠠᠯ ᠠᠴᠠ ᠴᠢᠬᠤᠯᠠᠴᠢᠯᠠᠬᠰᠠᠨ ᠨᠢ᠂ ᠤᠯᠤᠰ ᠲᠦᠷᠤ ᠶᠢᠨ ᠵᠤᠬᠰᠤᠯᠳᠠ ᠪᠠᠨ ᠤᠯᠠᠮ ᠲᠡᠭᠡᠭᠰᠢᠯᠡᠬᠦᠯᠵᠤ᠂ ︽ᠬᠤᠶᠠᠷ ᠦᠨᠳᠤᠷ︾ ᠲᠦᠷᠤᠯ ᠵᠦᠢᠯ ᠢ ᠰᠤᠬᠤᠷ ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠬᠯᠠᠨ᠂ ᠦᠵᠡᠯ ᠰᠠᠨᠠᠭ᠎ᠠ ᠪᠤᠯᠤᠨ ᠦᠢᠯᠨ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠠᠶᠢᠷᠢᠯᠠᠭᠤᠯᠤᠯᠳᠠ ᠪᠤᠯᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ ᠤ ᠲᠤᠬᠢᠷᠠᠭᠤᠯᠤᠯᠳᠠ ᠲᠠᠢ ᠲᠡᠬᠡᠳᠤ ᠬᠡᠮᠵᠢᠶ᠎ᠡ ᠪᠠᠷ ᠨᠢᠬᠡᠳᠤᠯᠵᠢᠬᠦᠯᠵᠤ᠂ ᠬᠠᠷᠢᠭᠤᠴᠠᠯᠭ᠎ᠠ ᠪᠠ ᠲᠤᠯᠭᠠᠮ ᠰᠡᠳᠬᠢᠯᠬᠡ ᠪᠠᠨ ᠦᠨᠡᠨ ᠬᠦ ᠨᠡᠮᠡᠭᠳᠡᠬᠦᠯᠵᠤ᠂ ᠰᠢᠨ᠎ᠡ ᠬᠦᠭᠵᠢᠯᠳᠡ ᠶᠢᠨ ᠤᠶᠢᠯᠠᠭᠠᠬᠳᠠᠬᠤᠨ ᠢ ᠡᠷᠡᠰ ᠭᠤᠶᠢᠪᠢᠰᠢ ᠦᠬᠡᠢ ᠲᠤᠭᠤᠰᠢᠯᠠᠭᠤᠯᠤᠨ᠂ ︽ᠬᠤᠶᠠᠷ ᠦᠨᠳᠤᠷ︾ ᠲᠦᠷᠤᠯ ᠵᠦᠢᠯ ᠢ ᠰᠤᠬᠤᠷ ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠬᠯᠠᠬᠤ ᠦᠨᠳᠤᠷ ᠲᠠᠷᠤᠯᠳᠠᠳᠤ ᠪᠠᠶᠢᠳᠠᠯ ᠢ ᠢᠮᠠᠬᠳᠠ ᠪᠠᠳᠤᠯᠠᠬᠤ ᠬᠡᠷᠡᠭᠳᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠭᠤᠤᠯ ᠴᠤᠬᠴᠨ ᠶᠢᠨ ᠬᠠᠷᠢᠭᠤᠴᠠᠯᠭ᠎ᠠ ᠪᠠᠨ ᠦᠨᠡᠨ ᠬᠦ ᠡᠬᠦᠷᠬᠡᠯᠡᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠵᠤ᠂ ᠡᠳᠤᠷ ᠲᠤᠳᠤᠮ ᠤᠨ ᠬᠢᠨᠠᠨ ᠬᠠᠮᠢᠶᠠᠷᠤᠯᠳᠠ ᠪᠤᠯᠤᠨ ᠬᠢᠨᠠᠨ ᠪᠠᠶᠢᠴᠠᠭᠠᠵᠤ ᠰᠡᠷᠡᠮᠵᠢᠯᠡᠬᠦᠯᠬᠦ ᠠᠵᠢᠯ ᠢ ᠴᠢᠩᠭᠠᠳᠬᠠᠵᠤ᠂ ᠡᠯ᠎ᠡ ᠲᠦᠷᠤᠯ ᠤᠨ ᠪᠤᠳᠠᠳᠠᠢ ᠦᠷ᠎ᠡ ᠪᠦᠳᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠳᠡᠢ᠃          ᠬᠤᠷᠠᠯ ᠠᠴᠠ ᠱᠠᠭᠠᠷᠳᠠᠬᠰᠠᠨ ᠨᠢ᠂ ᠤᠯᠠᠨ ᠨᠡᠶᠢᠳᠡ ᠶᠢᠨ ᠰᠤᠶᠤᠯ ᠤᠨ ᠬᠦᠷᠢᠶ᠎ᠡ ᠴᠠᠷᠠᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠳᠤ ᠬᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠤᠯᠤᠨ ᠠᠶᠢᠮᠠᠭ ᠬᠤᠳᠠ ᠶᠢᠨ ᠡᠳ᠋ ᠤᠨ ᠵᠠᠰᠠᠭ ᠤᠨ ᠶᠠᠪᠤᠳᠠᠯ ᠤᠨ ᠡᠷᠬᠡ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠬᠡᠷᠡᠴᠢᠯᠡᠯᠳᠡ ᠶᠢᠨ ᠲᠦᠰᠤᠯ ᠵᠡᠷᠬᠡ ᠲᠠᠢ ᠬᠤᠯᠪᠤᠬᠳᠠᠯ ᠪᠦᠬᠦᠢ ᠵᠦᠢᠯ ᠢ ᠰᠤᠳᠤᠯᠵᠤ᠂ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠦᠷᠤ ᠶᠢᠨ ᠪᠤᠳᠤᠯᠭ᠎ᠠ ᠶᠢᠨ ᠠᠷᠭ᠎ᠠ ᠪᠠᠷᠢᠯ ᠢ ᠤᠯᠠᠮ ᠨᠠᠷᠢᠯᠢᠬᠵᠢᠭᠤᠯᠤᠨ᠂ ᠵᠠᠷᠤᠯᠭ᠎ᠠ ᠶᠢᠨ ᠬᠠᠷᠢᠭᠤᠴᠠᠯᠭ᠎ᠠ ᠶᠤᠰᠤᠭᠠᠷ ᠲᠦᠰᠦᠪ ᠢᠶᠠᠨ ᠵᠦᠢ ᠵᠤᠬᠢᠰᠳᠠᠢ ᠲᠤᠬᠢᠷᠠᠭᠤᠯᠵᠤ᠂ ᠠᠵᠢᠯ ᠤᠨ ᠦᠷ᠎ᠡ ᠪᠦᠳᠦᠮᠵᠢ ᠶᠢᠨ ᠬᠠᠮᠢᠶᠠᠷᠤᠯᠳᠠ ᠶᠢ ᠪᠦᠬᠦ ᠲᠠᠯ᠎ᠠ ᠪᠠᠷ ᠬᠡᠷᠡᠭᠵᠢᠬᠦᠯᠤᠨ᠂ ᠦᠨᠳᠤᠰᠤᠨ ᠤᠯᠠᠨ ᠨᠡᠶᠢᠳᠡ ᠶᠢᠨ ᠦᠢᠯᠡᠴᠢᠯᠡᠬᠡᠨ ᠤ ᠬᠠᠨᠭ᠍ᠭᠠᠯᠭ᠎ᠠ ᠶᠢᠨ ᠦᠷ᠎ᠡ ᠪᠦᠳᠦᠮᠵᠢ ᠪᠤᠯᠤᠨ ᠲᠦᠪᠰᠢᠨ ᠢ ᠦᠨᠡᠨ ᠬᠦ ᠲᠡᠭᠡᠭᠰᠢᠯᠡᠬᠦᠯᠬᠦ ᠬᠡᠷᠡᠭᠳᠡᠢ᠃ᠬᠤᠷᠠᠯ ᠲᠡᠬᠡᠷ᠎ᠡ ᠪᠠᠰᠨ ᠪᠤᠳᠤᠯ ᠵᠦᠢᠯ ᠢ ᠰᠤᠳᠤᠯᠵᠠᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号