ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠱᠢ ᠶᠢᠨ ᠫᠢᠡᠭ ᠶᠡᠷᠤᠩᠭᠡᠢ ᠱᠦᠵᠢ ᠶᠢᠨ ︽7 · 1︾ ᠤ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠤᠪᠳᠤ ᠨᠤᠮ ᠤᠡᠭᠰᠢᠬᠤ ᠠᠩᠭᠢ ᠡᠷᠬᠢᠯᠡᠯ᠎ᠡ
ᠨᠡᠶᠢᠲᠡᠯᠡᠭᠰᠡᠨ ᠴᠠᠭ᠄
2021/9/3
   8 ᠳ᠋ᠤᠭᠠᠷ ᠰᠠᠷ᠎ᠠ ᠶᠢᠨ 26᠂ 27 ᠤ ᠡᠳᠤᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠰᠢ ᠶᠢᠨ ᠫᠢᠡᠭ ᠶᠡᠷᠤᠩᠭᠡᠢ ᠱᠦᠵᠢ ᠶᠢᠨ ︽7 · 1︾ ᠤ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠤᠪᠳᠤ ᠨᠤᠮ ᠤᠡᠭᠰᠢᠬᠤ ᠠᠩᠭᠢ ᠡᠷᠬᠢᠯᠡᠪᠡ᠃ ᠨᠤᠮ ᠤᠡᠭᠰᠢᠬᠤ ᠬᠤᠷᠠᠯ ᠨᠢ ᠪᠠᠷᠢᠮᠳᠠᠳᠤ ᠹᠢᠯᠢᠮ ᠦᠵᠡᠬᠦ᠂ ᠲᠦᠪᠯᠡᠷᠡᠬᠦᠯᠤᠨ ᠰᠤᠳᠤᠯᠤᠨ ᠶᠠᠷᠢᠯᠴᠠᠬᠤ᠂ ᠬᠠᠮᠢᠶ᠎ᠠ ᠪᠦᠬᠦᠢ ᠲᠤᠰᠬᠠᠢ ᠮᠡᠷᠬᠡᠵᠢᠯᠳᠡᠨ ᠢ ᠵᠠᠯᠠᠵᠤ ᠬᠢᠴᠢᠶᠡᠯ ᠤᠷᠤᠭᠤᠯᠬᠤ᠂ ᠤᠨᠤᠯ ᠤᠨ ᠰᠢᠯᠭᠠᠯᠳᠠ ᠵᠤᠬᠢᠶᠠᠨ ᠪᠠᠶᠢᠭᠤᠯᠬᠤ ᠵᠡᠷᠬᠡ ᠬᠡᠯᠪᠡᠷᠢ ᠪᠠᠷ ᠰᠢ ᠶᠢᠨ ᠫᠢᠡᠭ ᠶᠡᠷᠤᠩᠭᠡᠢ ᠱᠦᠵᠢ ᠶᠢᠨ ︽7 · 1︾ ᠤ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠤᠬᠠᠪᠤᠷᠢᠯᠠᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ  ᠢ ᠪᠠᠳᠤᠳᠬᠠᠬᠤ ᠲᠤᠰᠬᠠᠢ ᠰᠡᠳᠤᠪᠳᠤ ᠬᠦᠮᠤᠵᠢᠯ ᠦᠷᠨᠢᠬᠦᠯᠦᠭᠰᠡᠨ ᠪᠠᠶᠢᠨ᠎ᠠ᠃    
   
    ᠲᠤᠰᠬᠠᠢ ᠰᠡᠳᠤᠪᠳᠤ ᠨᠤᠮ ᠤᠡᠭᠰᠢᠬᠤ ᠠᠩᠭᠢ ᠳᠤ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ  ᠶᠢᠨ ᠨᠠᠮ ᠤᠨ  ᠬᠤᠷᠢᠶᠠᠨ ᠤ ᠤᠬᠠᠭᠤᠯᠬᠤ ᠬᠡᠯᠳᠡᠰ   ᠤᠨ ᠲᠠᠷᠤᠭ᠎ᠠ᠂ ᠮᠠᠷᠺᠰ ᠤᠨ ᠦᠵᠡᠯ ᠤᠨ ᠲᠡᠬᠡᠳᠤ ᠰᠤᠷᠭᠠᠭᠤᠯᠢ ᠶᠢᠨ ᠵᠠᠬᠢᠷᠤᠯ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠤᠨ ᠤᠬᠭᠠᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠤᠬᠦᠨ ᠯᠢ ᠴᠦᠨ ᠬᠤᠢ ᠫᠷᠤᠹᠧᠰᠰᠤᠷ ᠢ ᠵᠠᠯᠠᠵᠤ᠂ ᠰᠢ ᠶᠢᠨ ᠫᠢᠡᠭ ᠶᠡᠷᠤᠩᠭᠡᠢ ᠱᠦᠵᠢ ᠶᠢᠨ ︽7 · 1︾ ᠤ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢᠨ ᠲᠤᠭᠤᠷᠢᠨ ᠳᠤ ᠲᠤᠰᠬᠠᠢ ᠰᠡᠳᠤᠪᠳᠤ ᠲᠠᠶᠢᠯᠤᠨ ᠬᠢᠯᠬᠡᠵᠡᠢ᠃ ᠪᠤᠭᠤᠳᠤ ᠶᠢᠨ ᠪᠤᠯᠤᠳ ᠲᠡᠮᠤᠷ ᠤᠨ ᠪᠦᠯᠦᠭᠯᠡᠯ ᠤᠨ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠰᠤᠨᠢᠨ ᠮᠡᠳᠡᠬᠡᠨ ᠤ ᠦᠬᠦᠯᠡᠭᠴᠢ ᠫᠸᠡᠭ ᠳ᠋ᠧ ᠯᠢᠶᠠᠩ ᠨᠦᠬᠦᠷ ᠢ ᠤᠷᠢᠵᠤ ︽ᠨᠠᠮ ᠤᠨ ᠬᠠᠯᠠᠮᠵᠢ ᠠᠴᠠ ︿ᠨᠢᠬᠡ ᠰᠡᠳᠬᠢᠯ ᠨᠡᠶᠢᠳᠡ ᠶᠢᠨ ᠬᠦᠴᠤ ᠪᠠᠷ ᠪᠤᠭᠤᠳᠤ ᠶᠢᠨ ᠪᠤᠯᠤᠳ ᠲᠡᠮᠤᠷ ᠤᠨ ᠦᠢᠯᠡᠳᠪᠤᠷᠢ ᠶᠢ ᠪᠦᠳᠦᠬᠡᠨ ᠪᠠᠶᠢᠭᠤᠯᠤᠬᠰᠠᠨ﹀ ᠲᠡᠤᠬᠡᠨ ᠵᠤᠭᠤᠭ ᠢ ᠣᠶᠢᠯᠠᠭᠠᠬᠤ︾ ᠬᠡᠬᠦ ᠲᠤᠰᠬᠠᠢ ᠰᠡᠳᠤᠪᠳᠤ ᠢᠯᠡᠳᠬᠡᠯ ᠬᠢᠯᠬᠡᠪᠡ᠃ ᠪᠠᠰᠨ ᠲᠦᠪ ᠤᠨ ᠨᠠᠮ ᠤᠨ ᠰᠤᠷᠭᠠᠭᠤᠯᠢ ᠶᠢᠨ ᠦᠨᠳᠤᠰᠤᠳᠡᠨ ᠱᠠᠰᠢᠨ ᠰᠤᠷᠳᠠᠬᠤᠨ ᠤ ᠬᠢᠴᠢᠶᠡᠯ ᠬᠦᠮᠤᠵᠢᠯ ᠤᠨ ᠰᠤᠳᠤᠯᠭᠠᠨ ᠤ ᠲᠠᠰᠤᠭ ᠤᠨ ᠲᠡᠳ᠋ ᠡᠷᠬᠢᠯᠡᠭᠴᠢ᠂ ᠫᠦ᠋ ᠴᠠᠩ ᠴᠦᠨ ᠫᠷᠤᠹᠧᠰᠰᠤᠷ ᠤᠨ ᠬᠢᠭᠰᠡᠨ ︽ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠪᠠᠳᠤᠳᠬᠠᠶ᠎ᠠ︾ ᠬᠡᠬᠦ ᠸᠢᠳᠢᠤ᠋ ᠢᠯᠡᠳᠬᠡᠯ ᠢ ᠦᠵᠡᠬᠦᠯᠦᠭᠰᠡᠨ ᠪᠦᠬᠡᠳ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠪᠠᠳᠤᠳᠬᠠᠬᠤ ᠤᠨᠤᠯ ᠤᠨ ᠰᠢᠯᠭᠠᠯᠳᠠ ᠬᠢᠬᠦ ᠶᠢᠨ ᠬᠠᠮᠳᠤ ᠰᠢ ᠶᠢᠨ ᠫᠢᠡᠭ ᠶᠡᠷᠤᠩᠭᠡᠢ ᠱᠦᠵᠢ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠲᠡᠬᠡᠷᠡᠬᠢ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠤᠯᠤᠨ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠨ ᠶᠢᠨ ᠤᠬᠠᠮᠰᠠᠷ ᠢ ᠪᠠᠳᠤᠳᠬᠠᠬᠤ ᠲᠤᠬᠠᠢ ᠰᠤᠯᠢᠯᠴᠠᠨ ᠰᠤᠳᠤᠯᠤᠨ ᠶᠠᠷᠢᠯᠴᠠᠬᠰᠠᠨ ᠪᠠᠶᠢᠨ᠎ᠠ᠃ ᠡᠮᠦᠨ᠎ᠡ ᠬᠤᠭᠤᠴᠠᠭᠠᠨ ᠤ ᠨᠤᠮ ᠤᠡᠭᠰᠢᠬᠤ ᠠᠩᠭᠢ ᠶᠢᠨ ᠲᠤᠰᠬᠠᠢ ᠰᠡᠳᠤᠪᠳᠤ ᠰᠤᠷᠤᠯᠴᠠᠯᠭ᠎ᠠ ᠶᠢᠨ ᠰᠠᠭᠤᠷᠢᠨ ᠲᠡᠬᠡᠷ᠎ᠡ 8 ᠳ᠋ᠤᠭᠠᠷ ᠰᠠᠷ᠎ᠠ ᠶᠢᠨ 31  ᠤ ᠡᠳᠤᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠨᠠᠮ  ᠤᠨ ᠤᠳᠤᠷᠢᠳᠬᠤ ᠲᠤᠭᠤᠶᠢᠯᠠᠩ ᠤᠨ ᠤᠨᠤᠯ ᠰᠤᠷᠤᠯᠴᠠᠯᠭ᠎ᠠ ᠶᠢᠨ ᠲᠦᠪ 2021 ᠤᠨ ᠤ 11 ᠳ᠋ᠤᠬᠡᠷ ᠤᠳᠠᠭᠠᠨ  ᠤ ᠬᠠᠮᠳᠤ ᠶᠢᠨ ᠰᠤᠷᠤᠯᠴᠠᠯᠭ᠎ᠠ ᠪᠤᠯᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠤᠨ ᠤᠳᠤᠷᠢᠳᠬᠤ ᠲᠤᠭᠤᠶᠢᠯᠠᠩ ᠤᠨ 4 ᠳ᠋ᠤᠬᠡᠷ ᠤᠳᠠᠭ᠎ᠠ ᠶᠢᠨ ᠬᠤᠷᠠᠯ ᠢ ᠬᠤᠷᠠᠯᠳᠤᠭᠤᠯᠤᠨ᠂ ᠰᠢ ᠶᠢᠨ ᠫᠢᠡᠭ ᠶᠡᠷᠤᠩᠭᠡᠢ ᠱᠦᠵᠢ ᠶᠢᠨ ᠲᠦᠪ ᠤᠨ ᠦᠨᠳᠤᠰᠤᠳᠡᠨ ᠤ ᠠᠵᠢᠯ ᠤᠨ ᠬᠤᠷᠠᠯᠳᠤᠭᠠᠨ ᠲᠡᠬᠡᠷᠡᠬᠢ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠪᠤᠯᠤᠨ ᠲᠦᠪᠡᠳ ᠲᠤ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ᠶᠢᠨ 279 ᠳ᠋ᠤᠬᠡᠷ ᠤᠳᠠᠭ᠎ᠠ ᠶᠢᠨ ᠦᠷᠭᠡᠳᠬᠡᠭᠰᠡᠨ ᠬᠤᠷᠠᠯ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ 5 ᠳ᠋ᠤᠭᠠᠷ ᠤᠳᠠᠭ᠎ᠠ  ᠶᠢᠨ ᠦᠷᠭᠡᠳᠭᠡᠭᠰᠡᠨ ᠬᠤᠷᠠᠯ ᠤᠨ ᠵᠤᠷᠢᠭ ᠰᠠᠨᠠᠭ᠎ᠠ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠭ ᠨᠠᠮ ᠤᠨ ᠰᠦᠯᠳᠡ ᠶᠢᠨ ᠠᠵᠢᠯ ᠤᠨ ᠲᠤᠬᠠᠢ ᠲᠤᠬᠳᠠᠭᠠᠯ︾᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠢ ᠠᠬᠢᠭᠤᠯᠬᠤ ᠲᠤᠬᠠᠢ ᠲᠤᠬᠳᠠᠭᠠᠯ︾᠂ ︽ᠲᠤᠮᠳᠠᠳᠤ ᠤᠯᠤᠰ  ᠤᠨ ᠡᠪ ᠬᠠᠮᠳᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠤᠨ ᠲᠤᠬᠳᠠᠭᠠᠯ︾ ᠢ ᠤᠯᠠᠮᠵᠢᠯᠠᠨ ᠰᠤᠷᠤᠯᠴᠠᠯ᠎ᠠ᠃ ᠪᠠᠰᠨ ᠵᠸᠡᠭ ᠬᠤᠨᠭ᠌ ᠹᠠᠨ ᠨᠦᠬᠦᠷ ᠤᠨ ᠪᠦᠬᠦ ᠤᠷᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠤᠨ ︽ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ ᠦᠭᠭᠦᠨ᠎ᠡ︾ ᠬᠡᠬᠦ ᠦᠢᠯᠡᠳᠤᠯᠬᠡ ᠶᠢᠨ ᠠᠵᠢᠯᠯᠠᠭᠠᠨ ᠤ ᠲᠤᠰᠬᠠᠢ ᠰᠡᠳᠤᠪᠳᠤ ᠲᠤᠬᠢᠷᠠᠭᠤᠯᠤᠯᠳᠠ ᠶᠢᠨ ᠬᠤᠷᠠᠯ ᠲᠡᠬᠡᠷᠡᠬᠢ ᠶᠠᠷᠢᠶ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠰᠠᠨ ᠤ ᠬᠠᠮᠳᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠤᠨ ᠵᠢᠷᠭᠤᠳᠤᠭᠠᠷ ᠲᠤᠭᠤᠷᠢᠨ ᠪᠠᠶᠢᠴᠠᠭᠠᠵᠤ ᠵᠢᠯᠤᠭᠤᠳᠬᠤ ᠲᠤᠭᠤᠶᠢᠯᠠᠩ ᠤᠨ ᠬᠠᠷᠢᠭᠤ
ᠲᠤᠰᠬᠠᠬᠰᠠᠨ ᠰᠠᠨᠠᠯ ᠢ ᠨᠡᠶᠢᠳᠡᠯᠡᠭᠰᠡᠨ ᠪᠠᠶᠢᠨ᠎ᠠ᠃
      ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠢᠩᠭᠢᠮ ᠤᠨ ᠲᠠᠷᠤᠭ᠎ᠠ ᠵᠢᠶᠠᠩ ᠬᠤᠨᠭ᠌ ᠴᠢᠬᠤᠯᠠᠴᠢᠯᠠᠬᠰᠠᠨ ᠨᠢ᠂ ᠨᠠᠮ  ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠢ ᠲᠠᠰᠤᠷᠠᠯᠳᠠ ᠦᠬᠡᠢ ᠬᠦᠨᠵᠡᠬᠡᠶᠢᠷᠡᠬᠦᠯᠤᠨ ᠪᠤᠳᠠᠳᠠᠶᠢᠵᠢᠭᠤᠯᠬᠤ ᠬᠡᠷᠡᠭᠳᠡᠢ᠃ ᠨᠢᠬᠡ ᠳᠤ᠂ ᠰᠤᠷᠤᠯᠴᠠᠯᠭ᠎ᠠ ᠬᠦᠮᠤᠵᠢᠯ ᠢ ᠰᠠᠶᠢᠳᠤᠷ ᠠᠳᠬᠤᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠤᠨ ᠡᠷᠴᠢᠮ ᠢ ᠰᠤᠯᠠᠷᠠᠭᠤᠯᠵᠤ ᠪᠤᠯᠬᠤ ᠦᠬᠡᠢ᠃ ᠰᠢ ᠶᠢᠨ ᠫᠢᠡᠭ ᠶᠡᠷᠤᠩᠭᠡᠢ ᠱᠦᠵᠢ ᠶᠢᠨ ︽7 · 1︾ ᠤ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠪᠠᠷ ᠭᠤᠤᠯ ᠠᠭᠤᠯᠭ᠎ᠠ ᠪᠤᠯᠭᠠᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠤᠨ ᠠᠭᠤᠯᠬᠤᠨ ᠢ ᠨᠡᠩ ᠪᠠᠶᠠᠯᠢᠬᠵᠢᠭᠤᠯᠤᠨ ᠦᠷᠬᠡᠳᠬᠡᠵᠤ᠂ ᠲᠡᠤᠬᠡ ᠶᠢ ᠰᠤᠷᠤᠯᠴᠠᠨ ᠶᠤᠰᠤ ᠤᠴᠢᠷ ᠢ ᠤᠶᠢᠯᠠᠭᠠᠬᠤ᠂ ᠲᠡᠤᠬᠡ ᠶᠢ ᠰᠤᠷᠤᠯᠴᠠᠨ ᠢᠳᠡᠬᠡᠯ ᠢᠶᠠᠨ ᠨᠡᠮᠡᠭᠳᠡᠬᠦᠯᠬᠦ᠂ ᠲᠡᠤᠬᠡ ᠶᠢ ᠰᠤᠷᠤᠯᠴᠠᠨ ᠶᠤᠰᠤ ᠰᠤᠷᠳᠠᠬᠤᠨ ᠢ ᠲᠡᠬᠡᠳᠤᠯᠡᠬᠦ᠂ ᠲᠡᠤᠬᠡ ᠶᠢ ᠰᠤᠷᠤᠯᠴᠠᠨ ᠴᠢᠷᠮᠠᠶᠢᠨ ᠦᠢᠯᠡᠳᠤᠯᠬᠡᠵᠢᠬᠦᠯᠬᠦ ᠶᠢ ᠦᠨᠡᠨ ᠬᠦ ᠪᠡᠶᠡᠯᠡᠬᠦᠯᠬᠦ ᠬᠡᠷᠡᠭᠳᠡᠢ᠃ ︽ᠦᠨᠡᠨ ᠬᠦ ᠤᠶᠢᠯᠠᠭᠠᠬᠤ︾ ᠲᠡᠬᠡᠷ᠎ᠡ ᠦᠷᠬᠦᠯᠵᠢᠯᠡᠨ ᠬᠦᠴᠤ ᠲᠠᠯᠪᠢᠵᠤ᠂ ᠰᠢ ᠶᠢᠨ ᠫᠢᠡᠭ ᠶᠡᠷᠤᠩᠭᠡᠢ ᠱᠦᠵᠢ ᠶᠢᠨ ︽7 · 1︾ ᠤ ᠴᠢᠬᠤᠯᠨ ᠶᠠᠷᠢᠶ᠎ᠠ ᠪᠤᠯᠤᠨ ᠰᠤᠷᠤᠯᠴᠠᠯᠭ᠎ᠠ ᠬᠦᠮᠤᠵᠢᠯ ᠤᠨ ᠲᠤᠬᠠᠢ ᠴᠢᠬᠤᠯᠨ ᠦᠬᠦᠯᠡᠯᠳᠡ ᠶᠢ ᠬᠦᠨᠵᠡᠬᠡᠢ ᠰᠤᠷᠤᠯᠴᠠᠨ ᠨᠡᠪᠳᠡᠷᠡᠳᠡᠯ᠎ᠡ ᠤᠬᠠᠪᠤᠷᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠤ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠤᠯᠤᠨ ᠦᠢᠯᠨ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠲᠡᠭᠡᠭᠰᠢᠯᠡᠬᠦᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠢ ᠬᠦᠨᠵᠡᠬᠡᠶᠢᠷᠡᠬᠦᠯᠵᠤ ᠪᠤᠳᠠᠳᠠᠶᠢᠵᠢᠭᠤᠯᠬᠤ ᠶᠢ ᠠᠬᠢᠭᠤᠯᠬᠤ ᠬᠡᠷᠡᠭᠳᠡᠢ᠃ ︽ᠦᠷ᠎ᠡ ᠪᠦᠳᠦᠮᠵᠢ ᠢ ᠡᠷᠬᠢᠮᠯᠡᠬᠦ︾ ᠲᠡᠬᠡᠷ᠎ᠡ ᠦᠷᠬᠦᠯᠵᠢᠯᠡᠨ ᠬᠦᠴᠤ ᠲᠠᠯᠪᠢᠵᠤ᠂ ᠨᠠᠮ ᠤᠨ ᠲᠡᠤᠬᠡ ᠶᠢ ᠰᠤᠷᠤᠯᠴᠠᠬᠤ ᠶᠢ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠤᠨ᠂ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠤᠨᠤᠪᠴᠢᠳᠠᠢ ᠡᠷᠢᠵᠤ᠂ ᠤᠨᠤᠪᠴᠢᠳᠠᠢ ᠡᠵᠡᠮᠳᠡᠨ᠂ ᠡᠯ᠎ᠡ ᠵᠦᠢᠯ ᠤᠨ ᠠᠵᠢᠯ ᠢᠶᠠᠨ ᠨᠠᠷᠢᠯᠢᠭ ᠪᠤᠳᠠᠳᠠᠢ ᠬᠢᠬᠦ ᠶᠢ ᠪᠡᠶᠡᠯᠡᠬᠦᠯᠬᠦ ᠬᠡᠷᠡᠭᠳᠡᠢ᠃ ︽ᠬᠠᠷᠢᠭᠤᠴᠠᠯᠭ᠎ᠠ ᠪᠠᠨ ᠦᠢᠯᠡᠳᠤᠯᠬᠡᠵᠢᠬᠦᠯᠬᠦ︾ ᠲᠡᠬᠡᠷ᠎ᠡ ᠦᠷᠬᠦᠯᠵᠢᠯᠡᠨ ᠬᠦᠴᠤ ᠲᠠᠯᠪᠢᠵᠤ᠂ ᠭᠤᠤᠯ ᠴᠤᠬᠴᠨ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠬᠤ ᠬᠡᠷᠡᠭᠳᠡᠢ᠃ ᠬᠤᠶᠠᠷ ᠲᠤ᠂ ᠪᠤᠳᠠᠳᠤ ᠶᠠᠪᠤᠳᠠᠯ ᠢ ᠰᠠᠶᠢᠳᠤᠷ ᠬᠢᠵᠤ᠂ ᠨᠠᠮ  ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠤᠨ ᠦᠷ᠎ᠡ ᠪᠦᠳᠦᠮᠵᠢ ᠶᠢ ᠨᠡᠩ ᠦᠨᠢᠷ ᠦᠳᠬᠡᠨ ᠪᠤᠯᠭᠠᠬᠤ ᠬᠡᠷᠡᠭᠳᠡᠢ᠃ ᠲᠢᠩᠭᠢᠮ ᠤᠨ ᠬᠠᠷᠢᠶ᠎ᠠ ᠡᠯ᠎ᠡ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ︽ᠲᠡᠪᠤᠨ ᠲᠠᠯ᠎ᠠ ᠪᠠᠷ ᠬᠦᠴᠤᠯᠡᠬᠦ︾ ᠲᠠᠢ ᠴᠢᠩᠭ᠎ᠠ ᠬᠠᠷᠭᠤᠭᠤᠯᠵᠤ᠂ ᠤᠯᠠᠨ ᠲᠦᠮᠡᠨ ᠤ ᠪᠠᠴᠢᠮᠳᠠᠯ ᠬᠦᠴᠢᠷᠳᠡᠯ ᠵᠤᠪᠠᠨᠢᠯ ᠪᠠᠷᠠᠯᠠᠯ ᠲᠡᠬᠡᠷ᠎ᠡ ᠠᠩᠬᠠᠷᠤᠯ  ᠢᠶᠠᠨ ᠲᠦᠪᠯᠡᠷᠡᠬᠦᠯᠤᠨ᠂ ᠦᠪᠡᠷ ᠦᠪᠡᠷᠰᠡᠳ ᠤᠨ ᠲᠦᠷᠤᠯ ᠵᠦᠢᠯ ᠤᠨ ᠲᠤᠳᠤᠷᠬᠠᠢ ᠬᠠᠭᠤᠳᠠᠰᠤ ᠪᠠᠨ ᠲᠠᠬᠢᠨ ᠡᠮᠬᠢᠯᠡᠨ᠂ ᠲᠠᠬᠢᠨ ᠲᠡᠬᠦᠯᠳᠡᠷᠵᠢᠬᠦᠯᠵᠤ᠂ ᠲᠠᠬᠢᠨ ᠬᠦᠨᠵᠡᠬᠡᠢ ᠠᠬᠢᠭᠤᠯᠬᠤ ᠬᠡᠷᠡᠭᠳᠡᠢ᠃ ᠦᠨᠳᠤᠰᠤᠨ ᠱᠠᠳᠤᠨ ᠤ ᠡᠮᠦᠨ᠎ᠡ ᠹᠷᠤᠨᠲ ᠲᠤ ᠬᠦᠨᠵᠡᠬᠡᠶᠢᠷᠡᠨ᠂ ᠨᠢᠬᠡᠨᠳᠡ ᠨᠡᠶᠢᠳᠡᠯᠡᠭᠰᠡᠨ ᠠᠷᠠᠳ ᠲᠤ ᠬᠠᠷᠠᠭᠠᠯᠵᠠᠯ ᠦᠵᠡᠬᠦᠯᠬᠦ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠰᠠᠶᠢᠳᠤᠷ ᠬᠡᠷᠡᠭᠵᠢᠬᠦᠯᠵᠤ ᠪᠠᠶᠢᠬᠤ ᠡᠰᠡᠬᠦ᠂ ᠶᠠᠮᠠᠷ ᠶᠠᠮᠠᠷ ᠲᠦᠷᠤ ᠶᠢᠨ ᠪᠤᠳᠤᠯᠭ᠎ᠠ ᠪᠤᠯᠤᠨ ᠲᠦᠷᠤ ᠶᠢᠨ ᠪᠤᠳᠤᠯᠭ᠎ᠠ ᠶᠢᠨ ᠠᠯᠢ ᠲᠠᠯ᠎ᠠ ᠶᠢ ᠨᠢ ᠨᠦᠬᠦᠪᠤᠷᠢᠯᠡᠬᠦ᠂ ᠲᠤᠬᠢᠷᠠᠭᠤᠯᠬᠤ᠂ ᠬᠠᠯᠠᠨ ᠰᠠᠶᠢᠵᠢᠷᠠᠭᠤᠯᠬᠤ ᠴᠢᠬᠤᠯᠠᠳᠠᠢ ᠶᠢ ᠪᠠᠶᠢᠴᠠᠭᠠᠨ ᠰᠤᠳᠤᠯᠬᠤ ᠬᠡᠷᠡᠭᠳᠡᠢ᠃ ᠡᠯ᠎ᠡ ᠭᠠᠵᠠᠷ ᠤᠷᠤᠨ ᠤ ᠪᠤᠳᠠᠳᠤ ᠶᠠᠪᠤᠳᠠᠯ ᠬᠢᠬᠦ ᠶᠢ ᠨᠠᠶᠢᠳᠠᠪᠤᠷᠢᠵᠢᠭᠤᠯᠬᠤ ᠶᠠᠪᠤᠴᠨ ᠳᠤ ᠬᠢ ᠦᠪᠡᠷᠰᠡᠳ ᠢᠶᠠᠨ ᠰᠢᠢᠳᠪᠤᠷᠢᠯᠡᠵᠤ ᠲᠡᠶᠢᠯᠬᠦ ᠦᠬᠡᠢ ᠨᠡᠶᠢᠳᠡᠮ ᠤᠨ ᠴᠢᠨᠠᠷᠳᠠᠢ ᠠᠰᠠᠭᠤᠳᠠᠯ ᠢ ᠬᠠᠷᠭᠤᠭᠤᠯᠵᠤ᠂ ᠲᠤᠰ ᠪᠡᠶ᠎ᠡ ᠶᠢᠨ ᠠᠵᠢᠯ  ᠤᠨ ᠰᠡᠳᠬᠢᠮᠵᠢ᠂ ᠲᠦᠷᠢᠮ ᠤᠨ ᠲᠦᠯᠦᠪᠯᠡᠭᠡ᠂ ᠠᠬᠢᠭᠤᠯᠬᠤ ᠠᠷᠭ᠎ᠠ ᠪᠠᠷᠢᠯ ᠤᠨ ᠬᠦᠢᠴᠡᠳ ᠪᠤᠰᠤ ᠲᠠᠯ᠎ᠠ ᠪᠠᠨ ᠪᠠᠶᠢᠴᠠᠭᠠᠵᠤ᠂ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠲᠦᠷᠢᠮ ᠢ ᠲᠡᠬᠦᠯᠳᠡᠷᠵᠢᠬᠦᠯᠬᠦ ᠬᠡᠷᠡᠭᠳᠡᠢ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠳᠤᠨ ᠤ ᠠᠷᠠᠳ  ᠤᠨ ᠶᠠᠪᠤᠳᠠᠯ ᠤᠨ ᠰᠠᠯᠠᠭ᠎ᠠ ᠮᠦᠴᠢᠷ ᠤᠨ ᠵᠤᠬᠢᠴᠠᠭᠤᠯᠤᠨ ᠬᠤᠯᠪᠤᠭᠠᠯᠠᠬᠤ ᠡᠷᠴᠢᠮ ᠢ ᠴᠢᠩᠭᠠᠷᠠᠭᠤᠯᠵᠤ᠂ ᠲᠦᠷᠤᠯ ᠬᠤᠪᠢᠶᠠᠨ ᠵᠢᠯᠤᠭᠤᠳᠬᠤ ᠶᠢ ᠢᠳᠡᠪᠬᠢᠳᠡᠢ ᠦᠷᠨᠢᠬᠦᠯᠵᠤ᠂ ᠪᠦᠬᠦ ᠤᠷᠤᠨ ᠤ ᠠᠷᠠᠳ ᠤᠨ ᠶᠠᠪᠤᠳᠠᠯ ᠤᠨ ᠰᠢᠰᠲ᠋ᠧᠮ  ᠤᠨ ᠡᠯ᠎ᠡ ᠵᠦᠢᠯ ᠤᠨ ᠡᠬᠦᠷᠬᠡ ᠶᠢ ᠨᠠᠶᠢᠳᠠᠪᠤᠷᠢᠵᠢᠭᠤᠯᠵᠤ ᠪᠤᠳᠠᠳᠤ ᠦᠷ᠎ᠡ ᠠᠰᠢᠭ ᠤᠯᠬᠤ ᠬᠠᠮᠳᠤᠷᠠᠯ ᠬᠦᠴᠤ ᠶᠢ ᠪᠤᠢ ᠪᠤᠯᠭᠠᠬᠤ ᠬᠡᠷᠡᠭᠳᠡᠢ᠃
 ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠤᠬᠦᠨ᠂ ᠪᠠᠶᠢᠭᠤᠯᠭ᠎ᠠ ᠶᠢᠨ ᠪᠦᠬᠦ ᠺᠠᠳ᠋ᠷ᠂ ᠲᠢᠩᠭᠢᠮ ᠤᠨ ᠬᠠᠷᠢᠶ᠎ᠠ ᠠᠵᠢᠯ ᠦᠢᠯᠡᠰ ᠤᠨ ᠨᠢᠬᠡᠴᠢ ᠶᠢᠨ ᠰᠠᠯᠠᠭᠠᠨ ᠲᠡᠰ ᠠᠴᠠ ᠲᠡᠭᠡᠭᠰᠢᠬᠢ ᠺᠠᠳ᠋ᠷ ᠨᠠᠷ ᠨᠤᠮ ᠤᠡᠭᠰᠢᠬᠤ ᠠᠩᠭᠢ ᠶᠢᠨ ᠡᠯ᠎ᠡ ᠵᠦᠢᠯ ᠤᠨ ᠠᠵᠢᠯᠯᠠᠭᠠᠨ ᠳᠤ ᠤᠷᠤᠯᠴᠠᠵᠠᠭᠠᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号