ᠲᠦᠯᠦᠪᠵᠢᠬᠦᠯᠬᠡ ᠡᠳ᠋ ᠤᠨ ᠶᠠᠪᠤᠳᠠᠯ ᠤᠨ ᠭᠠᠵᠠᠷ
ᠨᠡᠶᠢᠲᠡᠯᠡᠭᠰᠡᠨ ᠴᠠᠭ᠄
2022/1/12
    ᠨᠢᠭᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠪᠠ   11 ᠳ᠋ᠤᠬᠡᠷ ᠰᠠᠷ᠎ᠠ ᠶᠢᠨ 3 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠠᠪᠤᠨ ᠲᠤᠰᠬᠠᠶ ᠲᠥᠯᠥᠪᠵᠢᠭᠦᠯᠭᠡ ᠶᠢ ᠵᠢᠩᠬᠢᠨᠢ ᠪᠠᠷ ᠨᠡᠶᠢᠲᠡᠯᠡᠨ ᠬᠡᠷᠡᠭᠵᠢᠭᠦᠯᠪᠡ᠃ ᠲᠠᠷᠠᠭᠠᠴᠢ ᠶᠢᠨ ᠠᠯᠬᠤᠮ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠷᠠᠳ ᠤᠨ ᠶᠠᠪᠤᠳᠠᠯ ᠤᠨ  ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠪᠠ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ ᠦᠷᠭᠦᠯᠵᠢᠯᠡᠨ ᠠᠬᠢᠭᠤᠯᠵᠤ᠂ ᠲᠥᠯᠥᠪᠵᠢᠭᠦᠯᠭᠡ ᠳᠤ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠶᠢ ᠦᠨᠡᠨ ᠬᠦ ᠪᠣᠳᠠᠲᠠᠶ ᠪᠠᠷ ᠨᠠᠶᠢᠳᠠᠪᠤᠷᠢᠵᠢᠭᠤᠯᠤᠯ᠎ᠠ᠃   ᠬᠤᠶᠠᠷ᠂ ᠲᠢᠩᠬᠢᠮ ᠤᠨ ᠰᠢᠰᠲ᠋ᠧᠮ ᠤᠨ ᠲᠥᠰᠦᠪ ᠪᠠ ᠲᠥᠰᠦᠪ ᠤᠨ ᠬᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠲᠥᠰᠦᠪ ᠤᠨ  ᠬᠦᠢᠴᠡᠳᠬᠡᠯᠳᠡ ᠶᠢ ᠲᠦᠷᠬᠡᠳᠬᠡᠪᠡ    ᠠᠷᠠᠳ ᠤᠨ ᠶᠠᠪᠤᠳᠠᠯ ᠤᠨ ᠠᠵᠢᠯ ᠤᠨ ᠶᠡᠷᠦᠩᠬᠡᠶ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠡᠵᠡᠮᠰᠢᠭᠰᠡᠨ ᠰᠠᠭᠤᠷᠢᠨ ᠳᠡᠭᠡᠷ᠎ᠡ᠂ ᠡᠯ᠎ᠡ ᠭᠠᠵᠠᠷ ᠲᠠᠰᠤᠭ᠂ ᠨᠢᠬᠡᠴᠢ ᠶᠢ ᠵᠣᠬᠢᠶᠠᠨ ᠪᠠᠶᠢᠭᠤᠯᠵᠤ 2022 ᠣᠨ ᠤ ᠰᠠᠯᠠᠭ᠎ᠠ ᠮᠥᠴᠢᠷ ᠤᠨ ᠲᠥᠰᠦᠪ᠂ ᠠᠰᠠᠷᠠᠮᠵᠢ ᠶᠢᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠥᠰᠦᠪ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠦᠪ ᠪᠠ ᠭᠤᠷᠪᠠᠨ ᠵᠢᠯ ᠤᠨ ᠦᠷᠭᠦᠯᠵᠢᠯᠡᠭᠰᠡᠨ ᠲᠥᠰᠦᠪ ᠪᠠ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠵᠣᠬᠢᠶᠠᠵᠤ᠂  ᠠᠷᠠᠳ ᠤᠨ ᠶᠠᠪᠤᠳᠠᠯ ᠤᠨ ᠦᠢᠯᠡᠴᠢᠯᠡᠭᠡ ᠬᠦᠷᠳᠡᠭᠰᠡᠳ ᠤᠨ ᠨᠥᠬᠦᠪᠥᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠴᠡᠭᠡ ᠪᠠ ᠠᠷᠠᠳ ᠤᠨ ᠶᠠᠪᠤᠳᠠᠯ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠶᠠᠪᠤᠬᠳᠠᠭᠤᠯᠬᠤ ᠬᠡᠷᠡᠭᠴᠡᠭᠡ ᠶᠢ ᠪᠠᠲᠤᠯᠠᠪᠠ᠃    ᠭᠤᠷᠪᠠ᠂ ᠳᠣᠲᠣᠭᠠᠳᠤ ᠶᠢᠨ ᠬᠢᠨᠠᠨ ᠪᠤᠳᠤᠯᠲᠠ ᠶᠢ ᠥᠷᠨᠢᠭᠦᠯᠵᠦ᠂ ᠡᠳ᠋ ᠤᠨ ᠶᠠᠪᠤᠳᠠᠯ ᠤᠨ ᠬᠢᠨᠠᠨ ᠪᠤᠳᠤᠯᠲᠠ  ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠪᠠ   ᠰᠢᠭᠤᠳ ᠬᠠᠷᠢᠶ᠎ᠠ ᠨᠢᠬᠡᠴᠢ ᠶᠢᠨ ᠬᠠᠷᠢᠭᠤᠴᠠᠯᠭᠠᠲᠠᠨ ᠤ ᠲᠤᠰᠢᠶᠠᠯ ᠤᠨ ᠬᠤᠭᠤᠴᠠᠭᠠᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠤᠯᠤᠨ ᠡᠳ᠋ ᠬᠥᠷᠥᠩᠭᠡ ᠶᠢ ᠪᠠᠶᠢᠴᠠᠭᠠᠵᠤ ᠬᠢᠨᠠᠨ ᠪᠤᠳᠤᠬᠤ ᠪᠠ ᠲᠢᠩᠬᠢᠮ ᠤᠨ ᠲᠣᠰ ᠱᠠᠲᠤᠨ ᠤ ᠡᠳ᠋ ᠬᠥᠷᠥᠩᠭᠡ ᠶᠢᠨ  ᠪᠠᠶᠢᠴᠠᠭᠠᠵᠤ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠪᠥᠬᠦ ᠣᠷᠣᠨ ᠤ 14 ᠠᠶᠢᠮᠠᠭ ᠬᠤᠲᠠ ᠶᠢ ᠵᠣᠬᠢᠶᠠᠨ ᠪᠠᠶᠢᠭᠤᠯᠤᠨ 2020 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠪᠠᠯᠠ ᠮᠥᠩᠭᠦ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠠᠵᠢᠯ ᠢ ᠲᠣᠰ ᠲᠣᠰ ᠥᠷᠨᠢᠭᠦᠯᠪᠡ᠃   ᠲᠦᠷᠪᠡ᠂ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠲᠤᠭ᠎ᠠ ᠪᠦᠷᠢᠳᠬᠡᠯ ᠤᠨ ᠠᠵᠢᠯᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠪᠣᠯᠤᠨ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠷᠭᠤᠭᠤᠯᠬᠤ ᠠᠵᠢᠯ ᠢ ᠱᠠᠳᠤ ᠱᠠᠳᠤ ᠪᠠᠷ ᠴᠢᠩᠭᠠᠳᠬᠠᠪᠠ       ᠪᠥᠬᠦ ᠣᠷᠣᠨ ᠤ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠬᠤᠷᠢᠶᠠᠩᠭᠤᠶᠢᠯᠠᠬᠤ ᠪᠣᠯᠪᠠᠰᠤᠷᠠᠯ ᠢ ᠡᠷᠬᠢᠯᠡᠪᠡ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠳᠬᠠᠨ᠂ ᠢᠯᠡ ᠪᠣᠯᠭᠠᠭᠰᠠᠨ ᠲᠤᠭ᠎ᠠ ᠪᠠᠷᠢᠮᠲᠠ ᠳᠤ ᠠᠷᠠᠳ ᠤᠨ ᠶᠠᠪᠤᠳᠠᠯ ᠤᠨ ᠭᠤᠤᠯ ᠪᠣᠯᠬᠤ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ ᠬᠠᠮᠤᠷᠬᠤ ᠶᠢ ᠪᠠᠲᠤᠯᠠᠵᠤ᠂ ᠠᠷᠠᠳ ᠤᠨ ᠶᠠᠪᠤᠳᠠᠯ ᠤᠨ ᠦᠢᠯᠡᠰ ᠤᠨ ᠬᠦᠭᠵᠢᠯᠳᠡ ᠶᠢᠨ ᠦᠷ᠎ᠡ ᠪᠦᠳᠦᠬᠡᠯ ᠢ ᠪᠦᠬᠦ ᠲᠠᠯ᠎ᠠ ᠪᠠᠷ ᠲᠤᠰᠬᠠᠬᠰᠠᠨ ᠪᠠᠶᠢᠨ᠎ᠠ᠃    ᠲᠠᠪᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠤᠯᠤᠨ ᠠᠷᠠᠳ ᠤᠨ ᠶᠠᠪᠤᠳᠠᠯ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠸᠢᠳᠢᠤ᠋ ᠪᠤᠯᠪᠠᠰᠤᠷᠠᠯ ᠡᠷᠬᠢᠯᠡᠪᠡ᠃    ᠠᠷᠠᠳ ᠤᠨ ᠶᠠᠪᠤᠳᠠᠯ ᠤᠨ ᠶᠠᠮᠤᠨ ᠤ ᠲᠥᠯᠥᠪᠵᠢᠭᠦᠯᠭᠡ ᠡᠳ᠋ ᠤᠨ ᠶᠠᠪᠤᠳᠠᠯ ᠤᠨ ᠵᠤᠷᠭᠠᠨ ᠤ ᠤᠳᠤᠷᠢᠳᠤᠯᠭ᠎ᠠ ᠪᠤᠯᠤᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ᠨᠥᠬᠦᠳ ᠢ ᠤᠷᠢᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠦᠯᠦᠪᠵᠢᠬᠦᠯᠬᠡ ᠶᠢᠨ ᠠᠷᠪᠠᠨ ᠶᠡᠭᠡ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ  ᠵᠦᠢᠯ ᠢ ᠨᠠᠶᠢᠳᠠᠪᠤᠷᠢᠵᠢᠭᠤᠯᠬᠤ ᠱᠠᠭᠠᠷᠳᠠᠯᠭ᠎ᠠ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠮᠡᠳᠡᠭᠦᠯᠬᠦ ᠠᠵᠢᠯ ᠤᠨ ᠱᠠᠭᠠᠷᠳᠠᠯᠭ᠎ᠠ᠂ ᠠᠷᠠᠳ ᠤᠨ ᠶᠠᠪᠤᠳᠠᠯ ᠤᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠠᠭᠤᠯᠭ᠎ᠠ ᠳᠤ ᠨᠠᠷᠢᠨ ᠲᠠᠶᠢᠯᠤᠮᠵᠢ ᠬᠢᠯᠬᠡᠭᠰᠡᠨ  ᠪᠠᠶᠢᠨ᠎ᠠ᠃    
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号