ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠳᠠ ᠪᠠ ᠬᠠᠤᠯᠢ ᠬᠡᠷᠡᠭᠵᠢᠬᠦᠯᠤᠯᠳᠡ ᠳᠤ ᠬᠢᠨᠠᠯᠳᠠ ᠲᠠᠯᠪᠢᠬᠤ ᠲᠤᠪᠴᠢᠶ᠎ᠠ ︵ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠪᠠᠶᠢᠭᠤᠯᠤᠯᠳᠠ ᠶᠢᠨ ᠠᠯᠪᠠᠨ ᠬᠡᠷ︶
ᠨᠡᠶᠢᠲᠡᠯᠡᠭᠰᠡᠨ ᠴᠠᠭ᠄
2022/1/12
  ᠨᠢᠭᠡ᠂ 2021 ᠣᠨ ᠤ ︽ᠦᠬᠦᠰᠢᠷᠡᠮᠡᠯ︾ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠤᠰᠬᠠᠶ ᠴᠡᠭᠴᠡᠯᠡᠨ ᠵᠠᠰᠠᠪᠠ︽︿ᠦᠬᠦᠰᠢᠷᠡᠮᠡᠯ﹀ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠲᠤᠬᠠᠶ   ᠠᠷᠠᠳ ᠤᠨ ᠶᠠᠪᠤᠳᠠᠯ ᠤᠨ ᠶᠠᠮᠤᠨ ᠤ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠣᠷᠣᠨ ᠤ  ᠬᠢᠨ ᠢ ᠵᠣᠬᠢᠶᠠᠨ ᠪᠠᠶᠢᠭᠤᠯᠤᠨ ︽ᠦᠬᠦᠰᠢᠷᠡᠮᠡᠯ︾ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠨᠢᠬᠦᠯᠪᠡ᠃   ᠬᠤᠶᠠᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠩᠬᠠᠳᠤᠭᠠᠷ ᠬᠤᠷᠠᠯ   ᠬᠤᠷᠠᠯ ᠠᠴᠠ ᠪᠦᠬᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠬᠠᠮᠲᠤᠷᠠᠭᠰᠠᠨ ᠬᠤᠷᠠᠯ ᠤᠨ ᠠᠵᠢᠯ ᠤᠨ ᠲᠦᠷᠢᠮ ᠪᠣᠯᠤᠨ 2021 ᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ᠂ ᠦᠵᠡᠯ ᠰᠠᠨᠠᠭ᠎ᠠ ᠪᠠᠨ ᠤᠯᠠᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ  ᠴᠢᠨᠠᠷᠯᠢᠭ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠠᠢ᠃    ᠭᠤᠷᠪᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠠᠵᠢᠯ ᠤᠨ ᠬᠤᠷᠠᠯ     ᠬᠤᠷᠠᠯ ᠠᠴᠠ ᠭᠤᠤᠯᠳᠠᠭᠤ ᠤᠯᠤᠰ ᠤᠨ ᠠᠷᠠᠳ ᠤᠨ ᠶᠠᠪᠤᠳᠠᠯ ᠤᠨ ᠶᠠᠮᠤᠨ ᠤ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ︽ᠪᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯᠯᠠᠭ᠎ᠠ︾ ᠪᠠ ︽ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠤᠯᠠᠮ ᠨᠢᠭᠡ ᠠᠯᠬᠤᠮ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ︾ ᠶᠢᠨ ᠬᠤᠷᠠᠯ ᠪᠤᠯᠤᠨ ᠪᠢᠴᠢᠭ ᠮᠠᠲ᠋ᠧᠷᠢᠶᠠᠯ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠰᠬᠠᠶ ᠠᠵᠢᠯᠯᠠᠭ᠎ᠠ ᠶᠢ ᠳᠣᠭᠢᠷᠠᠭᠤᠯᠤᠨ ᠪᠠᠶᠢᠷᠢᠯᠠᠭᠤᠯᠵᠤ᠂ ︽ᠪᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯᠯᠠᠭ᠎ᠠ︾ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠤᠯᠪᠠ᠃   ᠳᠥᠷᠪᠡ᠂ ᠪᠥᠬᠦ ᠣᠷᠣᠨ ᠤ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠤᠯᠠᠮ ᠴᠠᠭᠠᠰᠢᠳᠠ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠧᠯᠸᠢᠰ ᠳ᠋ᠢᠶᠠᠩᠬᠤᠸᠠ ᠬᠤᠷᠠᠯ   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠤᠯᠠᠮ ᠴᠠᠭᠠᠰᠢᠳᠠ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠧᠯᠸᠢᠰ ᠳ᠋ᠢᠶᠠᠩᠬᠤᠸᠠ ᠬᠤᠷᠠᠯ ᠢ ᠬᠠᠮᠲᠤᠷᠠᠨ ᠬᠤᠷᠠᠯᠳᠤᠭᠤᠯᠪᠠ᠃ ᠨᠠᠮ ᠤᠨ ᠲᠥᠪ ᠬᠤᠷᠢᠶ᠎ᠠ ᠶᠢᠨ  ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠤᠯᠠᠮ ᠴᠣᠬᠢᠯᠲᠠ ᠥᠭᠴᠦ ᠴᠡᠭᠴᠡᠯᠡᠨ ᠵᠠᠰᠠᠬᠤ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠣᠷᠣᠨ ᠤ ᠲᠤᠰᠬᠠᠶ ᠠᠵᠢᠯᠯᠠᠭᠠᠨ ᠤ ᠠᠵᠢᠯ ᠢ ᠪᠠᠶᠢᠷᠢᠯᠠᠭᠤᠯᠪᠠ᠃   ᠲᠠᠪᠤ᠂ ᠪᠦᠬᠦ ᠣᠷᠣᠨ ᠤ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠤᠰᠬᠠᠶ ᠵᠦᠢᠯ ᠢ ᠴᠡᠭᠴᠡᠯᠡᠬᠦ ᠠᠵᠢᠯ ᠤᠨ ᠲᠧᠯᠸᠢᠰ ᠳ᠋ᠢᠶᠠᠩᠬᠤᠸ᠋ᠨ ᠬᠤᠷᠠᠯ ᠨᠢ ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠷᠠᠳ ᠤᠨ ᠶᠠᠪᠤᠳᠠᠯ ᠤᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠲᠤᠷᠠᠨ ᠬᠤᠷᠠᠯᠳᠤᠭᠤᠯᠤᠭᠰᠠᠨ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠲᠤᠰᠬᠠᠶ ᠵᠦᠢᠯ ᠢᠶᠠᠷ   ᠴᠡᠭᠴᠡᠯᠡᠬᠦ ᠠᠵᠢᠯ ᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠣᠷᠣᠨ ᠤ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠴᠡᠭᠴᠡᠯᠡᠬᠦ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠪᠠ᠃   ᠵᠢᠷᠭᠤᠭ᠎ᠠ᠂ ︽ᠪᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ︾ ᠲᠤᠰᠬᠠᠶ ᠠᠵᠢᠯᠯᠠᠭ᠎ᠠ ᠶᠢ ᠦᠷᠨᠢᠬᠦᠯᠵᠡᠢ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ︽ᠪᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ︾ ᠶᠢ ︽ᠪᠢ ᠣᠯᠠᠨ ᠲᠦᠮᠡᠨ ᠳᠤ ᠤᠴᠢᠷ ᠶᠠᠪᠤᠳᠠᠯ ᠪᠦᠲᠦᠭᠡᠵᠦ ᠥᠭᠬᠦ︾ ᠠᠭᠤᠯᠭ᠎ᠠ ᠶᠢᠨ ᠨᠢᠭᠡ ᠪᠣᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠢᠯᠠᠩᠭᠤᠶ᠎ᠠ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ︽ᠪᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ︾ ᠲᠤᠰᠬᠠᠶ ᠠᠵᠢᠯᠯᠠᠭ᠎ᠠ ᠶᠢ ᠦᠷᠨᠢᠬᠦᠯᠦᠭᠰᠡᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号