ᠨᠡᠶᠢᠭᠡᠮ ᠤᠨ ᠲᠤᠰᠠᠯᠠᠮᠵᠢ ᠶᠢᠨ ᠭᠠᠵᠠᠷ
ᠨᠡᠶᠢᠲᠡᠯᠡᠭᠰᠡᠨ ᠴᠠᠭ᠄
2022/1/12
    ᠨᠢᠭᠡ᠂ ᠵᠣᠯᠭᠠᠯᠴᠠᠭ᠎ᠠ ᠶᠢ ᠪᠠᠬᠢᠵᠢᠭᠦᠯᠵᠦ᠂ ᠳᠠᠬᠢᠨ ᠶᠠᠳᠠᠭᠤᠷᠠᠬᠤ ᠰᠡᠷᠭᠡᠶᠢᠯᠡᠯᠲᠡ ᠶᠢᠨ ᠲᠣᠤᠷ ᠢ ᠨᠢᠭᠲᠠ ᠪᠠᠶᠢᠭᠤᠯᠤᠨ ᠪᠠᠷ ᠪᠠᠬᠢᠵᠢᠬᠦᠯᠤᠯ᠎ᠡ   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠨᠳᠦᠰᠦᠨ ᠪᠠᠲᠤᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠬᠤ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ ᠨᠡᠶᠢᠭᠡᠮ ᠤᠨ ᠲᠤᠰᠠᠯᠠᠮᠵᠢ ᠶᠢ ᠪᠠᠬᠢᠵᠢᠭᠦᠯᠵᠦ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠤᠨ ︽ᠡᠷᠬᠢᠨ ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠵᠠᠰᠠᠯᠲᠠ ᠲᠠᠢ ᠤᠶᠠᠯᠳᠤᠭᠤᠯᠤᠨ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠨᠢᠬᠦᠯᠪᠡ᠃   ᠬᠤᠶᠠᠷ᠂ ᠵᠣᠬᠢᠴᠠᠭᠤᠯᠤᠨ ᠬᠤᠯᠪᠣᠯᠳᠤᠭᠤᠯᠵᠤ᠂ ᠨᠡᠶᠢᠭᠡᠮ ᠤᠨ  ᠲᠤᠰᠠᠯᠠᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠷᠮᠠᠶᠢᠨ ᠠᠬᠢᠭᠤᠯᠪᠠ      ᠪᠠᠴᠢᠮ ᠬᠦᠴᠢᠷᠳᠡᠯᠲᠡᠢ ᠨᠡᠶᠢᠭᠡᠮ ᠤᠨ ᠲᠤᠰᠠᠯᠠᠮᠵᠢ ᠶᠢ ᠲᠡᠭᠦᠯᠳᠡᠷᠵᠢᠭᠦᠯᠬᠦ ᠵᠡᠷᠭᠡ 7 ᠲᠠᠯ᠎ᠠ ᠪᠠᠷ 26 ᠵᠦᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠷᠭ᠎ᠠ ᠶᠢ ᠳᠤᠷᠠᠳᠪᠠ᠃ ᠣᠷᠣᠯᠭ᠎ᠠ ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ ᠠᠵᠢᠯ ᠤᠨ ᠪᠠᠶᠢᠴᠠᠭᠠᠨ ᠰᠤᠳᠤᠯᠤᠯᠲᠠ ᠶᠢ ᠬᠦᠨᠵᠡᠬᠡᠢ ᠦᠷᠨᠢᠬᠦᠯᠵᠡᠢ᠃   ᠭᠤᠷᠪᠠ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠨᠡᠶᠢᠭᠡᠮ ᠤᠨ  ᠲᠤᠰᠠᠯᠠᠮᠵᠢ ᠶᠢᠨ ᠲᠦᠷᠢᠮ ᠢ ᠪᠦᠷᠢᠨᠰᠢᠬᠦᠯᠦᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ ᠶᠢ ᠲᠡᠭᠦᠯᠳᠡᠷᠵᠢᠭᠦᠯᠵᠦ᠂ ︽ᠠᠷᠠᠳ ᠤᠨ ᠶᠠᠪᠤᠳᠠᠯ ᠤᠨ ᠶᠠᠮᠤᠨ ᠠᠴᠠ ᠲᠠᠷᠤᠮᠠᠯᠯᠠᠨ ᠲᠠᠷᠬᠠᠭᠠᠬᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ᠶᠢ ᠡᠯ᠎ᠡ ᠭᠠᠵᠠᠷ ᠲᠤ ᠴᠠᠭ ᠲᠤᠬᠠᠶ ᠳᠤ ᠨᠢ ᠲᠠᠮᠵᠢᠭᠤᠯᠤᠨ ᠲᠠᠷᠬᠠᠭᠠᠪᠠ᠃ ︽ᠠᠷᠠᠳ ᠤᠨ ᠶᠠᠪᠤᠳᠠᠯ ᠤᠨ ᠶᠠᠮᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ ᠶᠢ ᠤᠯᠠᠮ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠪᠠᠰᠨ ᠲᠦᠷ ᠴᠠᠭ ᠤᠨ ᠲᠤᠰᠠᠯᠠᠮᠵᠢ ᠶᠢᠨ ᠲᠦᠷᠢᠮ ᠢ ᠲᠡᠭᠦᠯᠳᠡᠷᠵᠢᠭᠦᠯᠵᠦ᠂ ︽ᠲᠦᠷ ᠴᠠᠭ ᠤᠨ  ᠲᠤᠰᠠᠯᠠᠮᠵᠢ ᠶᠢ ᠤᠯᠠᠮ ᠴᠢᠩᠭᠠᠳᠬᠠᠬᠤ ᠲᠤᠬᠠᠶ ᠮᠡᠳᠡᠭᠳᠡᠯ︾ ᠪᠠ ︽ᠲᠦᠷ ᠴᠠᠭ ᠤᠨ  ᠲᠤᠰᠠᠯᠠᠮᠵᠢ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠴᠦ ᠲᠠᠷᠤᠮᠠᠯᠯᠠᠨ ᠲᠠᠷᠬᠠᠭᠠᠬᠰᠠᠨ ᠪᠠᠶᠢᠨ᠎ᠠ᠃    ᠲᠦᠷᠪᠡ᠂ ᠪᠣᠳᠠᠲᠠᠢ ᠶᠢ ᠡᠷᠬᠢᠮᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠦᠨᠳᠤᠰᠤᠨ ᠠᠴᠠ ᠨᠢ ᠪᠠᠳᠤᠯᠠᠬᠤ ᠬᠤᠷᠢᠭ᠎ᠠ ᠱᠤᠭᠤᠮ ᠢ ᠯᠠᠪᠳᠠᠭᠤᠨ ᠪᠠᠳᠤᠯᠠᠪᠠ   2021 ᠣᠨ ᠳᠤ᠂ ᠪᠥᠬᠦ ᠣᠷᠣᠨ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ  ᠶᠢ ᠬᠦᠷᠳᠡᠭᠰᠡᠳ ᠢ ᠰᠠᠷ᠎ᠠ ᠲᠤᠮᠳᠠᠴᠢ ᠪᠠᠷ 162.1 ᠲᠦᠮᠡᠨ ᠬᠥᠮᠦᠨ ᠢ ᠪᠠᠲᠤᠯᠠᠵᠤ᠂ ᠡᠭᠦᠨ ᠳᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠳᠡᠭᠰᠡᠳ 30 ᠲᠦᠮᠡᠨ ᠬᠥᠮᠦᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠳᠡᠭᠰᠡᠳ 132.1 ᠲᠦᠮᠡᠨ ᠬᠥᠮᠦᠨ ᠪᠠᠶᠢᠨ᠎ᠠ᠃ ᠪᠥᠬᠦ ᠣᠷᠣᠨ ᠳᠤ ᠬᠤᠲᠠ ᠬᠥᠳᠡᠭᠡ ᠶᠢᠨ ᠣᠨᠴᠠ ᠬᠦᠴᠢᠷᠳᠡᠯᠲᠡᠶ 9.6 ᠲᠦᠮᠡᠨ ᠬᠥᠮᠦᠨ ᠢ ᠪᠠᠲᠤᠯᠠᠵᠤ᠂ ᠡᠭᠦᠨ ᠳᠤ ᠬᠤᠲᠠ ᠶᠢᠨ ᠣᠨᠴᠠ ᠬᠦᠴᠢᠷᠳᠡᠯᠲᠡᠶ ᠬᠥᠮᠦᠰ 1.2 ᠲᠦᠮᠨ᠂ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ 8.4 ᠲᠦᠮᠨ ᠪᠤᠢ᠃    ᠲᠠᠪᠤ᠂ ᠲᠣᠭᠲᠠᠴᠠ ᠶᠢ ᠪᠦᠷᠢᠨᠰᠢᠬᠦᠯᠦᠨ᠂ ᠲᠤᠰᠠᠯᠠᠮᠵᠢ ᠶᠢᠨ ᠠᠵᠢᠯ ᠲᠦᠷᠢᠮᠵᠢᠵᠤ ᠦᠨᠳᠤᠷ ᠪᠦᠳᠦᠮᠵᠢ ᠤᠯᠪᠠ    2020 ᠣᠨ ᠤ ᠠᠶᠢᠮᠠᠭ ᠬᠤᠲᠠ ᠶᠢᠨ ᠠᠵᠢᠯ ᠤᠨ ᠦᠷ᠎ᠡ ᠪᠦᠲᠦᠮᠵᠢ ᠶᠢᠨ ᠬᠠᠷᠠᠯᠲᠠᠲᠤ ᠨᠡᠶᠢᠭᠡᠮ ᠤᠨ ᠲᠤᠰᠠᠯᠠᠮᠵᠢ ᠰᠢᠰᠲ᠋ᠧᠮ ᠤᠨ ᠪᠠᠶᠢᠭᠤᠯᠤᠯᠲᠠ ᠶᠢᠨ  ᠬᠦᠢᠴᠡᠳᠬᠡᠯ ᠲᠤᠭ᠎ᠠ ᠶᠢᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠠᠵᠢᠯ ᠢ ᠵᠢᠷᠤᠮᠵᠢᠭᠤᠨ᠂ ᠪᠦᠲᠦᠮᠵᠢᠲᠡᠶ ᠵᠣᠬᠢᠶᠠᠨ ᠪᠠᠶᠢᠭᠤᠯᠤᠨ ᠪᠡᠶᠡᠯᠡᠬᠦᠯᠪᠡ᠃ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠵᠣᠬᠢᠶᠠᠨ ᠪᠠᠶᠢᠭᠤᠯᠵᠤ ᠥᠷᠨᠢᠭᠦᠯᠦᠭᠰᠡᠨ ᠡᠯ᠎ᠡ ᠮᠤᠵᠢ ᠶᠢᠨ 2020 ᠣᠨ ᠤ ᠬᠦᠴᠢᠷᠳᠡᠯᠲᠡᠶ ᠣᠯᠠᠨ ᠲᠦᠮᠡᠨ ᠢ  ᠲᠤᠰᠠᠯᠠᠬᠰᠠᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠳᠤ ᠥᠷᠨᠢᠭᠦᠯᠦᠭᠰᠡᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠪᠡᠶᠡᠯᠡᠭᠦᠯᠪᠡ᠃ ︽ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠤᠰᠠᠯᠠᠮᠵᠢ ᠶᠢᠨ ᠲᠤᠰᠠᠯᠠᠭᠴᠢ ᠶᠢᠨ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ  ᠲᠠᠷᠬᠠᠭᠠᠯ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ  ᠲᠤᠰᠠᠯᠠᠮᠵᠢ  ᠶᠢᠨ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠰᠬᠠᠶ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ︔ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭ᠋ᠯ ᠢ ᠥᠷᠨᠢᠭᠦᠯᠵᠦ᠂ 2021 ᠣᠨ ᠤ ᠠᠷᠠᠳ ᠤᠨ ᠶᠠᠪᠤᠳᠠᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠨᠡᠶᠢᠭᠡᠮ ᠤᠨ  ᠲᠤᠰᠠᠯᠠᠮᠵᠢ ᠶᠢᠨ ᠴᠢᠬᠤᠯᠠ ᠲᠥᠷᠥ ᠶᠢᠨ ᠪᠣᠳᠣᠯᠭ᠎ᠠ ᠳᠤ ᠲᠠᠶᠢᠯᠤᠮᠵᠢ ᠶᠢ ᠸᠢᠳᠢᠤ᠋ ᠪᠠᠷ ᠬᠢᠬᠦ ᠶᠢᠨ ᠬᠠᠮᠲᠤ ᠵᠢᠯ ᠤᠨ ᠡᠴᠦᠰ ᠠᠴᠠ ᠡᠮᠦᠨᠡᠬᠢ ᠭᠤᠤᠯᠳᠠᠯᠭ᠎ᠠ ᠲᠠᠢ ᠠᠵᠢᠯ ᠪᠠ 2022 ᠣᠨ ᠤ ᠨᠡᠶᠢᠭᠡᠮ ᠤᠨ ᠲᠤᠰᠠᠯᠠᠮᠵᠢ ᠶᠢᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃  
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号