ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠭᠠᠵᠠᠷ
ᠨᠡᠶᠢᠲᠡᠯᠡᠭᠰᠡᠨ ᠴᠠᠭ᠄
2022/1/12
                    ᠨᠢᠭᠡ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠴᠠᠭᠠᠨ ᠤ ᠱᠠᠲᠤᠨ ᠤ ᠬᠡᠷᠡᠭ ᠶᠠᠪᠤᠳᠠᠯ ᠢ ᠵᠢᠷᠤᠮᠵᠢᠭᠤᠯᠪᠠ   ︽ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠠᠷᠠᠳᠴᠢᠯᠠᠯ ᠤᠨ ᠠᠯᠬᠤᠮ ᠲᠠᠷᠠᠭ᠎ᠠ ᠶᠢ ᠬᠠᠰᠤᠵᠤ ᠨᠡᠶᠢᠯᠡᠭᠦᠯᠬᠦ ᠪᠠ ᠳᠣᠭᠢᠷᠠᠭᠤᠯᠬᠤ ᠲᠤᠬᠠᠢ ᠰᠠᠨᠠᠯ︾ ᠢ ᠲᠤᠭᠤᠷᠪᠢᠬᠰᠠᠨ ᠤ ᠬᠠᠮᠲᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠳᠠᠷᠤᠮᠠᠯᠯᠠᠨ ᠲᠠᠷᠬᠠᠭᠠᠪᠠ᠃ ︽ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠴᠢᠷᠮᠠᠶᠢᠨ ᠠᠬᠢᠭᠤᠯᠵᠠᠢ᠃   ᠬᠤᠶᠠᠷ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠠᠵᠢᠯᠲᠠᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠯ᠎ᠠ    ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠤᠯᠢ ᠶᠣᠰᠣᠭᠠᠷ ᠡᠮᠬᠢ ᠵᠢᠷᠤᠮ ᠲᠠᠢ  ᠠᠬᠢᠭᠤᠯᠤᠬᠰᠠᠨ ᠪᠠᠶᠢᠨ᠎ᠠ᠃    ᠭᠤᠷᠪᠠ᠂ ᠨᠡᠶᠢᠲᠡᠯᠢᠭ ᠵᠢᠱᠢᠶ᠎ᠡ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠰᠢᠨ᠎ᠡ ᠶᠢ ᠡᠭᠦᠳᠬᠦ ᠲᠤᠷᠰᠢᠯᠲᠠ ᠶᠢᠨ ᠴᠢᠬ ᠤᠨ ᠠᠵᠢᠯ ᠢ ᠠᠬᠢᠭᠤᠯᠵᠠᠢ   ᠪᠥᠬᠦ ᠣᠷᠣᠨ ᠤ ᠬᠤᠲᠠ ᠬᠥᠳᠡᠭᠡ ᠶᠢᠨ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ︽ᠨᠡᠶᠢᠭᠡᠮ ᠲᠣᠭᠤᠷᠢᠭ ᠤᠨ ᠵᠥᠪᠳᠡᠯᠴᠡᠭᠰᠡᠨ ᠰᠢᠯᠢᠳᠡᠭ ᠬᠡᠷᠡᠭ ᠤᠨ ᠵᠢᠱᠢᠶ᠎ᠡ ᠶᠢ ᠳᠡᠯᠭᠡᠨ ᠦᠵᠡᠭᠦᠯᠬᠦ ᠠᠵᠢᠯᠯᠠᠭ᠎ᠠ︾ ᠶᠢ ᠥᠷᠨᠢᠭᠦᠯᠵᠦ᠂ 50 ᠰᠢᠯᠢᠳᠡᠭ ᠬᠡᠷᠡᠭ ᠤᠨ ᠵᠢᠱᠢᠶ᠎ᠡ ᠶᠢ ᠰᠢᠯᠢᠳᠡᠭᠴᠢᠯᠡᠨ ᠨᠠᠶᠢᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠵᠥᠪᠳᠡᠯᠴᠡᠭᠰᠡᠨ ᠰᠢᠯᠢᠳᠡᠭ ᠬᠡᠷᠡᠭ ᠤᠨ ᠵᠢᠱᠢᠶ᠎ᠡ ᠶᠢᠨ ᠰᠣᠩᠭᠤᠮᠠᠯ︾ ᠢ ᠬᠡᠪᠯᠡᠭᠦᠯᠪᠡ᠃ ᠪᠥᠬᠦ ᠣᠷᠣᠨ ᠤ ︽ᠬᠠᠮᠤᠭ ᠤᠨ ᠭᠤᠶᠣ ᠨᠡᠶᠢᠭᠡᠮ ᠲᠣᠭᠤᠷᠢᠭ ᠤᠨ ᠠᠵᠢᠯᠲᠠᠨ ᠤ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ︾ ᠪᠤᠯᠤᠨ ︽ᠪᠥᠬᠦ ᠣᠷᠣᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠦᠷᠨᠢᠬᠦᠯᠤᠯ᠎ᠡ᠃    ᠲᠦᠷᠪᠡ᠂ ᠤᠶᠤᠨᠯᠢᠭ ᠳᠡᠮᠵᠢᠯᠭᠡ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠳᠡᠭᠲᠡᠷ ᠲᠤ ᠭᠠᠷᠬᠤ ᠶᠢ  ᠠᠬᠢᠭᠤᠯᠪᠠ   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ︽ᠥᠪᠥᠷ ᠮᠣᠩᠭᠤᠯ ᠤᠨ ᠦᠨᠳᠦᠰᠦᠨ ᠱᠠᠲᠤᠨ ᠤ ᠵᠠᠰᠠᠯᠲᠠ ᠶᠢᠨ ᠰᠤᠳᠤᠯᠭᠠᠨ ᠤ ᠰᠠᠭᠤᠷᠢᠨ ᠭᠠᠵᠠᠷ︾ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠰᠢᠨ᠎ᠡ ᠶᠢ ᠡᠭᠦᠳᠬᠦ ᠰᠤᠳᠤᠯᠭᠠᠨ ᠢ ᠠᠬᠢᠭᠤᠯᠪᠠ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠤ ᠲᠦᠷᠢᠮ ᠢ ᠲᠡᠬᠦᠯᠳᠡᠷᠵᠢᠬᠦᠯᠵᠡᠢ᠃ ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ︽ᠪᠥᠬᠦ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠤᠨ ᠲᠤᠭ᠎ᠠ ᠪᠠᠷᠢᠮᠲᠠ ᠶᠢ ᠲᠡᠭᠦᠯᠳᠡᠷᠵᠢᠭᠦᠯᠵᠦ᠂ ᠪᠥᠬᠦ ᠣᠷᠣᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠳᠤ ᠲᠤᠭ᠎ᠠ ᠪᠠᠷᠢᠮᠳᠠ ᠶᠢᠨ ᠲᠤᠯᠭᠠᠭᠤᠷᠢ ᠬᠠᠨᠭ᠍ᠭᠠᠯ᠎ᠠ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号