ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠷᠠᠳ ᠤᠨ ᠶᠠᠪᠤᠳᠠᠯ ᠤᠨ ᠶᠠᠮᠤᠨ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠡᠷᠭᠡ 9 ᠶᠠᠮᠤᠨ ᠬᠤᠷᠢᠶ᠎ᠠ ᠶᠢᠨ ᠣᠶᠤᠨᠲᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠰᠠᠨᠠᠯ ᠢ  ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/10/10
    ︽ᠣᠶᠤᠨᠲᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ  ᠶᠢ ᠭᠦᠨᠵᠡᠭᠡᠢ ᠠᠬᠢᠭᠤᠯᠬᠤ ᠲᠤᠬᠠᠢ ᠠᠷᠠᠳ ᠤᠨ ᠶᠠᠪᠤᠳᠠᠯ ᠤᠨ ᠶᠠᠮᠤᠨ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠡᠷᠭᠡ 9 ᠰᠠᠯᠠᠭ᠎ᠠ ᠮᠥᠴᠢᠷ ᠤᠨ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠥᠭᠡ ᠤᠷᠴᠢᠮ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠠᠷᠠᠳ ᠤᠨ ᠶᠠᠪᠤᠳᠠᠯ ᠤᠨ ᠶᠠᠮᠤᠨ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠡᠷᠭᠡ 9 ᠶᠠᠮᠤᠨ ᠬᠤᠷᠢᠶ᠎ᠠ ᠶᠢᠨ ︿ᠣᠶᠤᠨᠲᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠲᠤᠬᠠᠢ ᠰᠠᠨᠠᠯ﹀ ᠢ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠬᠡᠷᠡᠭᠵᠢᠭᠦᠯᠬᠦ ᠲᠥᠰᠥᠯ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃    ︽ᠮᠡᠳᠡᠭᠳᠡᠯ︾ ᠳᠤ ᠲᠣᠳᠣᠷᠬᠠᠢ ᠲᠣᠭᠲᠠᠭᠠᠭᠰᠠᠨ ᠨᠢ᠂ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠬᠡᠷᠡᠭᠯᠡᠬᠦ ᠪᠠᠷ ᠳᠠᠮᠵᠢᠭᠤᠯᠤᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠣᠶᠤᠨᠴᠢᠯᠠᠭᠰᠠᠨ  ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 2025 ᠣᠨ ᠪᠣᠯᠬᠤ ᠳᠤ᠂ ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ᠂ ᠬᠠᠮᠳᠤ ᠪᠠᠷ ᠡᠳ᠋ᠯᠡᠬᠦ ᠨᠡᠬᠡᠬᠡᠯᠳᠡᠯᠢᠭ ᠣᠶᠤᠨᠲᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠠᠪᠴᠠᠩ ᠢ ᠦᠨᠳᠦᠰᠦᠨ ᠳᠤ ᠪᠠᠨ ᠪᠠᠶᠢᠭᠤᠯᠵᠤ᠂ ᠣᠶᠤᠨᠲᠤ ᠬᠠᠮᠳᠤ ᠪᠠᠷ ᠡᠳ᠋ᠯᠡᠬᠦ᠂ ᠡᠶ᠎ᠡ ᠨᠠᠶᠢᠷᠲᠠᠢ ᠬᠠᠮᠳᠤ ᠪᠠᠷ ᠵᠠᠰᠠᠬᠤ ᠰᠢᠨ᠎ᠡ ᠮᠠᠶ᠋ᠢᠭ ᠤᠨ ᠲᠣᠭᠠᠴᠢᠯᠠᠭᠰᠠᠨ ᠨᠡᠶᠢᠭᠡᠮ ᠲᠣᠭᠤᠷᠢᠭ ᠢ ᠠᠩᠬ᠎ᠠ ᠠᠯᠬᠤᠮ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠪᠣᠯᠣᠨ ᠦᠢᠯᠡᠴᠢᠯᠡᠭᠡᠨ ᠤ ᠣᠶᠤᠨᠴᠢᠯᠠᠭᠰᠠᠨ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠨᠡᠶᠢᠭᠡᠮ ᠤᠨ ᠪᠠᠶᠢᠳᠠᠯ ᠢ ᠨᠡᠩ ᠰᠠᠶᠢᠨ ᠣᠶᠢᠯᠠᠭᠠᠵᠤ᠂ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠨ ᠵᠠᠰᠠᠭ ᠶᠠᠪᠤᠭᠤᠯᠬᠤ ᠳᠤ ᠬᠠᠪᠰᠤᠷᠴᠤ᠂ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠦᠬᠦᠮ ᠦᠵᠡᠭᠦᠯᠦᠨ᠎ᠡ ᠬᠡᠵᠡᠢ᠃    ︽ᠮᠡᠳᠡᠭᠳᠡᠯ︾ ᠳᠤ ᠱᠠᠭᠠᠷᠳᠠᠬᠰᠠᠨ ᠨᠢ᠂ ᠣᠶᠤᠨᠲᠤ ᠨᠡᠶᠢᠭᠡᠮ ᠲᠣᠭᠤᠷᠢᠭ ᠤᠨ ᠲᠠᠪᠴᠠᠩ ᠢ ᠡᠷᠴᠢᠮᠵᠢᠭᠦᠯᠦᠨ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠤᠨᠴᠢᠯᠠᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠣᠶᠤᠨᠴᠢᠯᠠᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠣᠶᠤᠨᠴᠢᠯᠠᠯᠲᠠ ᠶᠢ ᠠᠬᠢᠭᠤᠯᠵᠤ᠂ ᠲᠣᠮᠣ ᠳ᠋ᠠᠶᠢᠲ᠋ᠠ ᠶᠢᠨ ᠨᠡᠶᠢᠭᠡᠮ ᠲᠣᠭᠤᠷᠢᠭ ᠤᠨ ᠬᠡᠷᠡᠭᠯᠡᠯᠲᠡ ᠶᠢ ᠠᠬᠢᠭᠤᠯᠵᠤ᠂ ᠣᠶᠤᠨᠲᠤ ᠨᠡᠶᠢᠭᠡᠮ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠴᠢᠩᠭᠠᠳᠬᠠᠵᠤ᠂ ᠠᠶᠤᠯᠬᠦᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠮᠡᠳᠡᠭᠡ ᠵᠠᠩᠭᠢ ᠶᠢᠨ ᠰᠢᠰᠲ᠋ᠧᠮ ᠢ ᠣᠶᠤᠨᠲᠤ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠯᠤᠭ᠎ᠠ ᠰᠦᠯᠵᠢᠶᠡᠵᠢᠭᠦᠯᠦᠨ ᠵᠣᠯᠭᠠᠭᠤᠯᠬᠤ ᠪᠤᠶᠤ ᠲᠡᠭᠦᠨ ᠳᠤ ᠰᠢᠯᠵᠢᠭᠦᠯᠦᠨ ᠴᠤᠭᠯᠠᠷᠠᠭᠤᠯᠬᠤ ᠶᠢ ᠠᠬᠢᠭᠤᠯᠵᠤ᠂ ︽ᠡᠮᠦᠨ᠎ᠡ ᠲᠠᠪᠴᠠᠩ ᠳᠤ ᠨᠢᠭᠡ ᠯᠡ ᠤᠷᠤᠴᠨ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ︾ ᠠᠵᠢᠯᠯᠠᠭᠠᠨ ᠤ ᠵᠠᠭᠪᠤᠷ ᠢ ᠬᠡᠷᠡᠭᠵᠢᠭᠦᠯᠬᠦ ᠬᠡᠷᠡᠭᠲᠡᠢ᠃ ᠰᠠᠯᠠᠭ᠎ᠠ ᠮᠥᠴᠢᠷ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠮᠡᠳᠡᠭᠡ ᠵᠠᠩᠭᠢ ᠶᠢ ᠴᠠᠭ ᠲᠤᠬᠠᠢ ᠳᠤ  ᠨᠢ ᠬᠠᠮᠳᠤ ᠪᠠᠷ ᠡᠳ᠋ᠯᠡᠬᠦ ᠶᠢ ᠠᠬᠢᠭᠤᠯᠵᠤ᠂ ︽ᠢᠨᠲ᠋ᠧᠷ ᠰᠦᠯᠵᠢᠶ᠎ᠡ + ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠲᠣᠣᠷᠵᠢᠯ ᠤᠨ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ︾ ᠵᠡᠷᠭᠡ ᠵᠠᠭᠪᠤᠷ ᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠲᠣᠭᠠᠴᠢᠯᠠᠭᠰᠠᠨ ᠬᠥᠭᠵᠢᠯᠲᠡ  ᠶᠢ ᠠᠬᠢᠭᠤᠯᠵᠤ᠂ ᠨᠡᠶᠢᠭᠡᠮ ᠲᠣᠭᠤᠷᠢᠭ ᠤᠨ ᠲᠤᠭ᠎ᠠ ᠪᠠᠷᠢᠮᠲᠠ ᠶᠢᠨ ᠣᠷᠣᠭᠤᠯᠤᠯᠲᠠ ᠶᠢ ᠴᠣᠮᠬᠠᠳᠬᠠᠨ ᠨᠡᠶᠢᠯᠡᠭᠦᠯᠵᠦ᠂ ᠪᠠᠷᠢᠮᠵᠢᠶ᠎ᠠ ᠨᠢ ᠨᠢᠭᠡᠳᠦᠯᠲᠡᠢ᠂ ᠬᠥᠳᠡᠯᠦᠩᠭᠦᠢ ᠪᠠᠷ ᠬᠠᠮᠢᠶᠠᠷᠤᠭᠰᠠᠨ ᠨᠡᠶᠢᠭᠡᠮ ᠲᠣᠭᠤᠷᠢᠭ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠲᠠᠲᠠᠭᠠᠯ ᠢ ᠪᠠᠶᠢᠭᠤᠯᠤᠨ᠂ ︽ᠭᠡᠭᠡᠨ ᠲᠤᠩᠭᠠᠯᠠᠭ ᠢᠨᠵᠧᠨᠧᠷᠢᠩ︾ ᠤᠨ ᠣᠶᠤᠨᠴᠢᠯᠠᠭᠰᠠᠨ ᠬᠡᠷᠡᠭᠯᠡᠭᠡ ᠶᠢ ᠠᠬᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠲᠠᠰ ᠤᠨ ᠬᠠᠮᠠᠭᠠᠯᠠᠯᠲᠠ ᠶᠢᠨ ᠳᠦᠷᠢᠮ ᠪᠠ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ  ᠲᠦᠬᠦᠬᠡᠷᠤᠮᠵᠢ ᠶᠢᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠦᠯᠵᠢᠶᠡᠨ ᠤ ᠠᠮᠤᠷ ᠲᠦᠪᠰᠢᠨ ᠤ ᠲᠠᠰ ᠤᠨ ᠬᠠᠮᠠᠭᠠᠯᠠᠯᠲᠠ ᠶᠢᠨ ᠰᠢᠯᠭᠠᠨ ᠦᠨᠡᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠤᠷ ᠲᠦᠪᠰᠢᠨ ᠤ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠶᠢ ᠰᠢᠨᠵᠢᠯᠡᠬᠦ ᠤᠬᠠᠭᠠᠨᠴᠢ ᠪᠠᠷ ᠦᠷᠨᠢᠬᠦᠯᠬᠦ ᠬᠡᠷᠡᠭᠳᠡᠢ᠃    ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠷᠢᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠳ ᠠᠶᠢᠮᠠᠭ ᠬᠤᠲᠠ ᠪᠣᠯᠣᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ  ᠬᠢ ᠵᠢᠯᠣᠭᠤᠳᠤᠯᠭ᠎ᠠ ᠪᠣᠯᠣᠨ ᠲᠥᠷᠥᠯ ᠵᠦᠢᠯ ᠤᠨ ᠳᠡᠮᠵᠢᠯᠭᠡ ᠪᠠᠨ ᠴᠢᠩᠭᠠᠳᠬᠠᠵᠤ᠂ ᠡᠯ᠎ᠡ ᠠᠶᠢᠮᠠᠭ ᠬᠤᠲᠠ ᠨᠤᠭᠤᠳ ᠣᠶᠤᠨᠲᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠᠨ ᠨᠢᠭᠡᠳᠦᠯᠲᠡᠢ ᠨᠠᠶᠢᠷᠠᠭᠤᠯᠤᠨ ᠵᠣᠬᠢᠶᠠᠵᠤ᠂ ᠬᠡᠷᠡᠭᠴᠡᠭᠡ ᠪᠠᠨ ᠦᠨᠳᠦᠰᠦᠯᠡᠨ ᠪᠤᠰᠤᠳ ᠪᠦᠲᠦᠭᠡᠨ ᠪᠠᠶᠢᠭᠤᠯᠬᠤ ︵ᠥᠭᠡᠷᠡᠴᠢᠯᠡᠬᠦ︶ ᠶᠢᠨ ᠲᠥᠷᠥᠯ ᠵᠦᠢᠯ ᠢ ᠥᠷᠭᠡᠳᠬᠡᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠣᠶᠤᠨᠲᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠠᠮᠵᠢᠯᠲᠠ ᠲᠠᠢ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠣᠰ ᠭᠠᠵᠠᠷ ᠣᠷᠣᠨ ᠤ ᠪᠣᠳᠠᠲᠠᠢ ᠳᠤ ᠨᠡᠶᠢᠴᠡᠭᠰᠡᠨ ᠣᠨᠴᠠᠯᠢᠭ ᠲᠠᠢ ᠬᠡᠷᠡᠭᠯᠡᠭᠡᠨ ᠢ ᠰᠦᠪᠡᠭᠴᠢᠯᠡᠨ ᠨᠡᠭᠡᠭᠡᠨ ᠬᠥᠭᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠣᠶᠤᠨᠲᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠡᠷᠡᠭᠯᠡᠭᠡᠨ ᠳᠤ ᠣᠷᠣᠯᠴᠠᠭᠤᠯᠬᠤ ᠬᠡᠷᠡᠭᠲᠡᠢ᠃ 
 
ᠢᠷᠡᠯᠲᠡ᠄ ​ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号