ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠳᠠ ᠶᠢᠨ ᠠᠯᠪᠠᠨ ᠬᠡᠷ
ᠨᠡᠶᠢᠲᠡᠯᠡᠭᠰᠡᠨ ᠴᠠᠭ᠄
2022/2/10
ᠨᠢᠭᠡ᠂᠂ ᠨᠠᠮ ᠤᠨ ᠲᠡᠦᠬᠡ ᠶᠢᠨ ᠰᠤᠷᠤᠯᠴᠠᠯᠭ᠎ᠠ    ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠪᠠ᠃ ᠰᠤᠷᠤᠯᠴᠠᠯᠭ᠎ᠠ ᠬᠥᠮᠦᠵᠢᠯ ᠤᠨ ᠠᠵᠢᠯᠯᠠᠭᠠᠨ ᠢ ᠦᠷᠨᠢᠬᠦᠯᠪᠡ᠃  ᠬᠤᠪᠢᠰᠬᠠᠯᠳᠤ ᠬᠥᠮᠦᠵᠢᠯ ᠤᠨ ᠺᠢᠨᠣ᠋ ᠲᠧᠯᠸᠢᠰ ᠦᠵᠡᠪᠡ᠃ ᠰᠢ ᠶᠢᠨ ᠫᠢᠩ ᠨᠦᠬᠦᠷ  ᠤᠨ ︽7 · 1︾  ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠠᠶᠢᠯᠪᠤᠷᠢᠯᠠᠬᠤ ᠸᠢᠳᠢᠤ᠋ ᠶᠢ ᠰᠢᠩᠭᠡᠬᠡᠨ ᠦᠢᠯᠡᠳᠴᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠤᠯᠪᠠᠰᠤᠷᠠᠯ ᠢ ᠡᠷᠬᠢᠯᠡᠪᠡ᠃ ᠷᠠᠳᠢᠣ᠋ ᠲᠧᠯᠸᠢᠰ᠂ ᠰᠣᠨᠢᠨ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠭ᠎ᠠ ᠶᠢ ᠦᠷᠨᠢᠬᠦᠯᠵᠡᠢ᠃    ᠬᠤᠶᠠᠷ᠂ ︽ᠬᠤᠶᠠᠷ ᠢ ᠪᠦᠷᠬᠦᠬᠦᠯᠬᠦ︾ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠠᠬᠢᠭᠤᠯᠪᠠ    ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠣᠶᠢᠯᠠᠭᠠᠬᠤ ᠪᠠᠶᠢᠴᠠᠭᠠᠯᠲᠠ  ᠬᠢᠪᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶᠠᠨ ᠤ ᠬᠠᠷᠢᠶᠠᠨ  ᠳᠤ ᠬᠢ ᠡᠯ᠎ᠡ ᠡᠭᠦᠷ ᠨᠢ ᠨᠠᠮ ᠳᠤ ᠣᠷᠣᠬᠤ ᠢᠳᠡᠪᠬᠢᠲᠡᠨ ᠢ ᠬᠥᠮᠥᠵᠢᠭᠦᠯᠵᠦ᠂ ᠪᠡᠯᠡᠳᠬᠡᠯ ᠨᠠᠮ ᠤᠨ ᠭᠡᠰᠢᠭᠦᠨ ᠢ ᠡᠯᠰᠡᠵᠦ᠂ ᠪᠡᠯᠡᠳᠬᠡᠯ ᠨᠠᠮ ᠤᠨ ᠭᠡᠰᠢᠭᠦᠨ ᠤ ᠵᠢᠩᠬᠢᠨᠢᠴᠢᠯᠡᠬᠦ ᠶᠢ ᠵᠦᠪᠰᠢᠶᠡᠷᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠮᠡᠷᠭᠡᠵᠢᠯ ᠤᠨ ᠰᠡᠷᠭᠡᠶᠢᠯᠡᠯᠲᠡ ᠶᠢᠨ ᠨᠡᠶᠢᠭᠡᠮᠯᠢᠭ ᠵᠡᠷᠭᠡ 19 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠡᠭᠦᠷ ᠪᠠᠶᠢᠭᠤᠯᠬᠤ ᠶᠢ ᠵᠥᠪᠰᠢᠶᠡᠷᠡᠵᠦ᠂ ᠥᠪᠥᠷ ᠮᠣᠩᠭᠤᠯ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ ᠨᠡᠶᠢᠭᠡᠮᠯᠢᠭ ᠵᠡᠷᠭᠡ 4 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠭᠰᠠᠨ ᠨᠠᠮ ᠤᠨ ᠡᠭᠦᠷ ᠪᠠᠶᠢᠭᠤᠯᠬᠤ ᠶᠢ ᠵᠥᠪᠰᠢᠶᠡᠷᠡᠵᠦ᠂ ᠥᠪᠥᠷ ᠮᠣᠩᠭᠤᠯ ᠤᠨ ᠤᠷᠠᠨ ᠪᠢᠴᠢᠯᠭᠡ ᠤᠷᠠᠨ ᠵᠢᠷᠤᠭ ᠤᠷᠠᠯᠢᠭ ᠤᠨ ᠨᠡᠶᠢᠭᠡᠮᠯᠢᠭ ᠵᠡᠷᠭᠡ 75 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠥᠷᠭᠡᠳᠬᠡᠭᠰᠡᠨ ︵ᠴᠢᠳᠠᠮᠵᠢ︶ ᠮᠠᠶ᠋ᠢᠭ ᠤᠨ ᠨᠠᠮ ᠤᠨ ᠡᠭᠦᠷ ᠪᠠᠶᠢᠭᠤᠯᠬᠤ ᠶᠢ ᠵᠥᠪᠰᠢᠶᠡᠷᠡᠪᠡ᠃    ᠭᠤᠷᠪᠠ᠂ ︽ᠲᠠᠪᠤᠨ ᠨᠢᠭᠡ︾᠂ ︽ᠠᠷᠪᠠ ᠵᠠᠭᠤ ᠮᠢᠩᠭ᠎ᠠ︾ ᠶᠢ ᠡᠭᠦᠳᠦᠨ ᠪᠠᠶᠢᠭᠤᠯᠪᠠᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠡᠭᠦᠷ ᠢᠶᠠᠷ ᠨᠢᠭᠡᠴᠢ ᠪᠣᠯᠭᠠᠬᠤ ᠶᠢ ᠠᠬᠢᠭᠤᠯᠬᠤ ᠶᠢ ᠵᠢᠯᠤᠭᠤᠳᠴᠤ᠂ ᠨᠠᠮ ᠤᠨ ᠭᠡᠰᠢᠭᠦᠨ ᠨᠢᠬᠡ ᠪᠦᠷᠢ ᠶᠢ ᠨᠢᠭᠡ ᠰᠣᠨᠢᠨ ᠵᠠᠬᠢᠶᠠᠯᠠᠬᠤ᠂ ᠨᠢᠭᠡ ᠨᠣᠮ ᠤᠡᠭᠰᠢᠬᠤ᠂ ᠨᠢᠭᠡ ᠤᠳᠠᠭ᠎ᠠ ︽ᠤᠯᠤᠰ ᠲᠦᠷᠦ ᠶᠢᠨ ᠲᠦᠷᠦᠭᠰᠡᠨ ᠡᠳᠦᠷ︾ ᠢ ᠥᠩᠭᠡᠷᠡᠭᠦᠯᠬᠦ᠂ ᠨᠠᠮ ᠤᠨ ᠭᠡᠰᠢᠭᠦᠨ ᠪᠤᠯᠭᠠᠨ ᠶᠢ ᠨᠢᠭᠡ ᠤᠳᠠᠭ᠎ᠠ ᠲᠤᠰᠬᠠᠢ ᠰᠡᠳᠦᠪᠲᠦ ᠪᠣᠯᠪᠠᠰᠤᠷᠠᠯ ᠳᠤ ᠣᠷᠣᠯᠴᠠᠭᠤᠯᠬᠤ᠂ ᠨᠢᠭᠡ ᠪᠦᠯᠦᠭ ᠰᠢᠯᠢᠳᠡᠭ ᠨᠠᠮ ᠤᠨ ᠭᠡᠰᠢᠭᠦᠨ ᠢ ᠬᠥᠬᠢᠭᠦᠯᠦᠨ ᠱᠠᠩᠨᠠᠬᠤ ︽ᠲᠠᠪᠤᠨ ᠨᠢᠭᠡ︾ ᠶᠢᠨ ᠠᠵᠢᠯᠯᠠᠭ᠎ᠠ‌‍ᠶᠢ ᠦᠷᠨᠢᠬᠦᠯᠦᠭᠰᠡᠨ ᠪᠠᠶᠢᠨ᠎ᠠ᠃    ᠳᠥᠷᠪᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ  ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠦᠷᠢᠮ ᠤᠨ ᠰᠤᠳᠤᠯᠭᠠᠨ ᠢ ᠴᠢᠩᠭᠠᠳᠬᠠᠵᠤ᠂ ᠮᠠᠨ ᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠦᠢᠯᠡᠳᠦᠯᠭᠡ ᠶᠢᠨ ᠰᠦᠪᠡᠭᠴᠢᠯᠡᠯᠲᠡ ᠶᠢ ᠠᠷᠠᠳ ᠤᠨ ᠶᠠᠪᠤᠳᠠᠯ ᠤᠨ ᠶᠠᠮᠤᠨ ᠳᠤ ᠮᠡᠳᠡᠭᠦᠯᠵᠦ᠂ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠪᠠᠨ ᠲᠡᠪᠰᠢᠬᠦᠯᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ᠂ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠲᠦᠷᠦᠯ ᠤᠨ ᠨᠠᠮ ᠤᠨ ᠬᠤᠷᠢᠶ᠎ᠠ ᠶᠢ ᠪᠠᠶᠢᠭᠤᠯᠬᠤ ᠰᠠᠨᠠᠭᠤᠯᠭ᠎ᠠ ᠰᠠᠨᠠᠯ ᠢ ᠲᠤᠷᠠᠳᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠴᠠᠭᠠᠨ ᠰᠤᠳᠤᠯᠬᠤ ᠠᠵᠢᠯ ᠢ ᠴᠢᠩᠭᠠᠳᠬᠠᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠪᠠ ᠨᠠᠮ ᠤᠨ ᠪᠠᠶᠢᠭᠤᠯᠤᠯᠲᠠ ᠶᠢᠨ ᠠᠵᠢᠯ ᠤᠨ ︽ᠭᠤᠷᠪᠠ ᠶᠢ ᠨᠢᠬᠡ ᠠᠯᠬᠤᠮᠵᠢᠭᠤᠯᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠠᠢ᠃    ᠲᠠᠪᠤ᠂ ᠲᠤᠰᠬᠠᠢ ᠲᠤᠰᠢᠶᠠᠯᠲᠤ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ︽ᠣᠷᠣᠨ ᠠᠴᠠ ᠬᠠᠮᠢᠶᠠᠷᠴᠤ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠶᠢ  ᠤᠷᠢᠵᠤ ᠬᠡᠷᠡᠭᠯᠡᠬᠦ ᠠᠷᠭ᠎ᠠ︾ ᠶᠢ ᠲᠠᠬᠢᠵᠤ ᠲᠣᠭᠲᠠᠭᠠᠪᠠ ᠃ ︽ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠶᠢ ᠤᠷᠢᠵᠤ ᠬᠡᠷᠡᠭᠯᠡᠬᠦ ᠲᠥᠰᠥᠯ︾ ᠢ ᠲᠣᠭᠲᠠᠭᠠᠵᠤ᠂ ᠨᠠᠮ ᠤᠨ ᠪᠠᠶᠢᠭᠤᠯᠤᠯᠲᠠ ᠶᠢᠨ 13 ᠵᠢᠭᠠᠨ ᠵᠢᠯᠣᠭᠤᠳᠤᠭᠴᠢ ᠲᠠᠢ ︽ᠤᠷᠢᠵᠤ ᠬᠡᠷᠡᠭᠯᠡᠬᠦ ᠬᠡᠷ᠎ᠡ︾ ᠲᠤᠬᠳᠠᠪᠠ᠃ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠤᠭᠴᠢ ᠶᠢᠨ ᠠᠵᠢᠯ ᠤᠨ ᠬᠤᠪᠢᠶᠠᠷᠢᠯᠠᠯ ᠢ ᠲᠠᠬᠢᠨ ᠲᠤᠬᠢᠷᠠᠭᠤᠯᠪᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号