ᠶᠡᠷᠤᠩᠭᠡᠶᠢᠯᠡᠭᠰᠡᠨ ᠪᠠᠳᠤᠯᠠᠭ᠎ᠠ ᠶᠢᠨ ᠲᠥᠪ
ᠨᠡᠶᠢᠲᠡᠯᠡᠭᠰᠡᠨ ᠴᠠᠭ᠄
2022/2/10
ᠨᠢᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠰᠡᠯ ᠢ ᠬᠤᠳᠠᠯᠳᠤᠨ ᠠᠪᠬᠤ ᠪᠠ ᠬᠠᠮᠢᠶᠠᠷᠬᠤ ᠠᠵᠢᠯ ᠢ ᠴᠢᠩᠭ᠎ᠠ ᠠᠳᠬᠤᠵᠤ᠂ ᠬᠠᠮᠠᠭᠠᠯᠠᠯᠳᠠ ᠶᠢᠨ ᠬᠡᠷᠡᠭᠰᠡᠯ ᠢ ᠬᠤᠷᠢᠶᠠᠨ ᠲᠠᠷᠬᠠᠭᠠᠬᠤ ᠶᠢ ᠢᠯᠡ ᠲᠣᠳᠣ ᠪᠠᠶᠢᠯᠭᠠᠵᠤ᠂ ᠲᠢᠩᠬᠢᠮ ᠤᠨ ᠪᠠᠶᠢᠭᠤᠯᠤᠯᠭ᠎ᠠ ᠶᠢᠨ ᠣᠯᠠᠨ ᠨᠡᠶᠢᠲᠡ ᠶᠢᠨ ᠲᠠᠯᠠᠪᠤᠷ ᠪᠤᠯᠤᠨ ᠡᠯ᠎ᠡ ᠠᠵᠢᠯᠯᠠᠬᠤ ᠲᠠᠯᠠᠪᠤᠷ ᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠵᠤ᠂ ᠲᠢᠩᠬᠢᠮ ᠤᠨ ᠪᠠᠶᠢᠭᠤᠯᠤᠯᠭ᠎ᠠ ᠪᠠ ᠰᠢᠭᠤᠳ ᠬᠠᠷᠢᠶ᠎ᠠ  ᠨᠢᠬᠡᠴᠢ ᠶᠢᠨ ᠺᠠᠳ᠋ᠷ ᠠᠵᠢᠯᠲᠠᠨ ᠢ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠨ ᠸᠠᠺᠼᠢᠨ ᠤ ᠲᠠᠷᠢᠯᠭ᠎ᠠ ᠲᠠᠷᠢᠭᠤᠯᠪᠠ᠃ᠬᠤᠶᠠᠷ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ   ᠰᠢᠭᠤᠳ ᠬᠠᠷᠢᠶ᠎ᠠ ᠨᠢᠬᠡᠴᠢ ᠶᠢᠨ ᠠᠶᠤᠯᠬᠦᠢ ᠦᠢᠯᠡᠳᠪᠦᠷᠢᠯᠡᠯ ᠢ ᠪᠠᠶᠢᠴᠠᠭᠠᠵᠤ᠂ ᠡᠯ᠎ᠡ ᠰᠢᠭᠤᠳ ᠬᠠᠷᠢᠶ᠎ᠠ ᠨᠢᠬᠡᠴᠢ ᠠᠶᠤᠯᠬᠦᠢ ᠦᠢᠯᠡᠳᠪᠦᠷᠢᠯᠡᠯ ᠢ ᠲᠤᠬᠳᠠᠮᠠᠯ ᠬᠤᠭᠤᠴᠠᠭ᠎ᠠ ᠲᠠᠢ ᠪᠠᠷ ᠦᠪᠡᠷ ᠢᠶᠠᠨ ᠪᠠᠶᠢᠴᠠᠭᠠᠬᠤ ᠶᠢ ᠱᠠᠭᠠᠷᠳᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠴᠢᠬᠤᠯᠠ ᠶᠡᠭᠡ ᠠᠵᠢᠯᠯᠠᠭ᠎ᠠ᠂ ᠴᠢᠬᠤᠯᠠ ᠶᠡᠭᠡ ᠪᠠᠶᠠᠷ ᠤᠨ ᠡᠳᠦᠷ ᠬᠢᠭᠡᠳ ᠭᠠᠯ ᠤᠨ ᠠᠶᠤᠯ ᠤᠯᠠᠨ ᠭᠠᠷᠳᠠᠭ ᠤᠯᠠᠷᠢᠯ ᠤᠨ ᠠᠶᠤᠯᠬᠦᠢ ᠦᠢᠯᠡᠳᠪᠦᠷᠢᠯᠡᠯ ᠤᠨ ᠠᠵᠢᠯ   ᠢ  ᠦᠨᠡᠨ ᠬᠦ ᠰᠠᠶᠢᠳᠤᠷ ᠬᠢᠪᠡ᠃ᠭᠤᠷᠪᠠ᠂ ᠡᠨᠧᠷᠭᠢ ᠠᠷᠪᠢᠯᠠᠨ ᠪᠣᠬᠢᠷᠳᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ    ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠺᠠᠳ᠋ᠷ ᠠᠵᠢᠯᠲᠠᠨ ᠠᠵᠢᠯᠴᠢᠨ ᠤ ᠬᠤᠭ ᠨᠣᠪᠰᠢ ᠶᠢ ᠲᠦᠷᠦᠯ ᠬᠤᠪᠢᠶᠠᠨ ᠬᠠᠶᠠᠬᠤ ᠶᠢ ᠬᠥᠲᠥᠯᠥᠨ ᠵᠢᠯᠤᠭᠤᠳᠪᠠ᠃ ︽ᠠᠷᠪᠢᠯᠠᠨ ᠭᠠᠮᠨᠠᠬᠤ ᠶᠢ ᠡᠷᠬᠢᠮᠯᠡᠨ᠂ ᠪᠦᠷᠢᠯᠭᠡᠨ ᠰᠦᠢᠳᠬᠡᠬᠦ ᠶᠢ  ᠲᠡᠪᠴᠢᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠨ ᠰᠠᠶᠢᠨ ᠰᠠᠶᠢᠬᠠᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠪᠠᠶᠢᠭᠤᠯᠭ᠎ᠠ ᠶᠢᠨ ᠠᠵᠢᠯ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠤᠬᠠᠭᠤᠯᠭ᠎ᠠ ᠬᠢᠬᠦ ᠶᠢᠨ ᠬᠠᠮᠲᠤ ᠡᠨᠧᠷᠭᠢ ᠠᠷᠪᠢᠯᠠᠬᠤ ᠤᠬᠠᠭᠤᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠲᠠᠷᠬᠠᠭᠠᠪᠠ ᠳᠥᠷᠪᠡ᠂ ᠠᠯᠪᠠᠨ ᠶᠠᠪᠤᠳᠠᠯ ᠤᠨ ᠲᠡᠷᠭᠡ ᠬᠥᠰᠬᠡ ᠶᠢᠨ ᠬᠠᠮᠢᠶᠠᠷᠤᠯᠲᠠ   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠶᠠᠪᠤᠳᠠᠯ ᠤᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠲᠣᠭᠲᠠᠭᠠᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ  ᠬᠠᠮᠢᠶᠠᠷᠤᠯᠳᠠ ᠶᠢᠨ ᠠᠷᠭ᠎ᠠ︾ ᠶᠢ ᠴᠢᠩᠭ᠎ᠠ ᠬᠡᠷᠡᠭᠵᠢᠬᠦᠯᠪᠡ᠃ ᠲᠢᠩᠬᠢᠮ ᠤᠨ ᠪᠠᠶᠢᠭᠤᠯᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠤᠭᠰᠠᠷᠠᠬᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠶᠢ ᠲᠠᠰ ᠳᠡᠪᠰᠢᠭᠦᠯᠬᠦ ᠠᠵᠢᠯ ᠢ ᠵᠣᠬᠢᠶᠠᠨ ᠪᠠᠶᠢᠭᠤᠯᠤᠨ ᠪᠡᠶᠡᠯᠡᠬᠦᠯᠪᠡ᠃ ᠪᠠᠴᠢᠮ ᠢ ᠠᠷᠭᠠᠴᠠᠭᠠᠬᠤ ᠳᠤ ᠬᠡᠷᠡᠭᠯᠡᠬᠦ ᠮᠠᠰᠢᠨ ᠲᠡᠷᠭᠡ ᠶᠢ ᠰᠢᠯᠵᠢᠭᠦᠯᠦᠨ ᠲᠤᠰᠢᠶᠠᠬᠤ ᠵᠡᠷᠭᠡ ᠠᠵᠢᠯ ᠢ  ᠪᠡᠶᠡᠯᠡᠬᠦᠯᠵᠡᠢ᠃ᠲᠠᠪᠤ᠂ ᠠᠯᠪᠠᠨ ᠶᠠᠪᠤᠳᠠᠯ ᠤᠨ ᠵᠣᠴᠢᠯᠠᠯᠭ᠎ᠠ ᠪᠠ ᠬᠤᠷᠠᠯ ᠤᠨ ᠪᠣᠯᠪᠠᠰᠤᠷᠠᠯ ᠤᠨ ᠪᠠᠲᠤᠯᠠᠭ᠎ᠠ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠪᠠ ᠠᠷᠠᠳ ᠤᠨ ᠶᠠᠪᠤᠳᠠᠯ ᠤᠨ ᠲᠢᠩᠬᠢᠮ ᠤᠨ ᠠᠯᠪᠠᠨ ᠶᠠᠪᠤᠳᠠᠯ ᠤᠨ ᠵᠣᠴᠢᠯᠠᠯᠭ᠎ᠠ ᠪᠠ ᠬᠤᠷᠠᠯ ᠤᠨ ᠪᠣᠯᠪᠠᠰᠤᠷᠠᠯ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠷᠤᠳᠠᠯ ᠢ ᠴᠢᠩᠭ᠎ᠠ ᠬᠢᠵᠠᠭᠠᠷᠯᠠᠨ᠂ ᠪᠣᠳᠠᠲᠠᠢ ᠶᠢ ᠡᠷᠬᠢᠮᠯᠡᠨ ᠠᠷᠪᠢᠯᠠᠨ ᠭᠠᠮᠨᠠᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ ᠪᠠᠷᠢᠮᠵᠢᠶ᠎ᠠ ᠶᠢ ᠴᠢᠩᠳᠠᠯᠠᠵᠤ᠂ ᠥᠨᠳᠥᠷ ᠦᠷ᠎ᠡ ᠪᠦᠲᠦᠮᠵᠢᠲᠡᠶ ᠢᠯᠡ ᠲᠣᠳᠣ  ᠪᠠᠶᠢᠯᠭᠠᠪᠠ᠃ᠵᠢᠷᠭᠤᠭ᠎ᠠ᠂ ᠠᠯᠪᠠᠨ ᠬᠡᠷᠡᠭᠯᠡᠭᠡᠨ ᠤ ᠭᠡᠷ ᠪᠠᠶᠢᠰᠢᠩ ᠪᠠ ᠬᠡᠷᠡᠭᠰᠡᠯ ᠤᠨ ᠬᠠᠮᠢᠶᠠᠷᠤᠯᠲᠠ    ᠠᠵᠢᠯ ᠢᠶᠠᠨ ᠦᠨᠳᠦᠰᠦᠯᠡᠨ ᠠᠯᠪᠠᠨ ᠭᠡᠷ ᠢ ᠵᠣᠬᠢᠰᠲᠠᠢ ᠲᠣᠬᠢᠷᠠᠭᠤᠯᠵᠤ᠂ ᠬᠤᠷᠠᠯ ᠤᠨ ᠭᠡᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠠᠵᠢᠯ ᠢ  ᠪᠡᠶᠡᠯᠡᠬᠦᠯᠪᠡ᠃ ᠠᠯᠪᠠᠨ ᠠᠵᠢᠯ ᠤᠨ ᠬᠡᠷᠡᠭᠰᠡᠯ ᠢ ᠲᠤᠰᠬᠠᠢ ᠬᠥᠮᠥᠨ ᠢᠶᠠᠷ ᠬᠠᠮᠢᠶᠠᠷᠤᠭᠤᠯᠬᠤ ᠪᠠ ᠭᠠᠷ ᠤᠨ ᠥᠰᠥᠭ ᠵᠢᠷᠤᠵᠤ ᠭᠠᠷᠭᠠᠨ ᠠᠪᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠡᠳ᠋ ᠪᠣᠳᠠᠰ ᠢ ᠣᠷᠣᠭᠤᠯᠵᠤ ᠭᠠᠷᠭᠠᠬᠤ ᠡᠬᠡ ᠲᠠᠩᠰᠠ ᠶᠢ ᠪᠠᠶᠢᠭᠤᠯᠤᠨ᠂ ᠴᠠᠭᠠᠰᠤ ᠬᠡᠷᠡᠭᠯᠡᠬᠦ ᠦᠭᠡᠢ ᠪᠠᠷ ᠠᠵᠢᠯᠯᠠᠬᠤ ᠶᠢ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠦᠵᠡᠭᠳᠡᠯ ᠢ ᠡᠷᠡᠰ ᠬᠤᠷᠢᠭᠯᠠᠬᠤ ᠬᠤᠷᠢᠬᠯᠠᠵᠤ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号