ᠤᠷᠳᠤᠰ ᠬᠤᠳᠠ᠄  ︽  ᠭᠤᠷᠪᠡ ᠶᠢ ᠪᠤᠳᠠᠳᠠᠶᠢᠵᠢᠭᠤᠯᠬᠤ︾  ᠨᠠᠶᠢᠭᠡᠮ ᠤᠨ ᠵᠤᠭᠢᠶᠠᠨ ᠪᠠᠶᠢᠭᠤᠯᠤᠯᠳᠠ  ᠶᠢᠨ ᠤᠨ ᠤ ᠪᠠᠶᠢᠴᠠᠭᠠᠯᠳᠠ ᠶᠢᠨ ᠠᠵᠢᠯ ᠢ ᠯᠠᠪᠳᠠᠭᠤᠨ ᠪᠠᠳᠤᠳᠠᠢ ᠦᠷᠨᠢᠬᠦᠯᠪᠡ
ᠨᠡᠶᠢᠲᠡᠯᠡᠭᠰᠡᠨ ᠴᠠᠭ᠄
2022/4/11
   2022  ᠤᠨ ᠤ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠤᠨ ᠤ ᠪᠠᠶᠢᠴᠠᠭᠠᠯᠳᠠ ᠶᠢᠨ  ᠠᠵᠢᠯ ᠢ ᠰᠠᠶᠢᠳᠤᠷ ᠭᠢᠵᠤ᠂ ᠤᠨ  ᠤ ᠪᠠᠶᠢᠴᠠᠭᠠᠯᠳᠠ ᠶᠢᠨ ᠡᠬᠦᠷᠭᠡ  ᠶᠢ ᠴᠢᠨᠠᠷᠵᠢᠭᠤᠨ ᠪᠡᠶᠡᠯᠡᠬᠦᠯᠬᠦ ᠶᠢᠨ ᠲᠦᠯᠤᠭᠡ᠂ ᠤᠷᠳᠤᠰ ᠬᠤᠳᠠ ᠶᠢᠨ ᠠᠷᠠᠤᠨ ᠤᠨ ᠶᠠᠪᠤᠳᠠᠯ ᠤᠨ ᠲᠤᠪᠴᠢᠶ᠎ᠠ  ︽ᠭᠤᠷᠪᠡ ᠶᠢ ᠪᠤᠳᠠᠳᠠᠶᠢᠵᠢᠭᠤᠯᠬᠤ︾  ᠶᠢ ᠪᠠᠷᠢᠮᠳᠠᠯᠠᠵᠤ᠂ ᠠᠵᠢᠯ ᠢᠶᠠᠨ ᠯᠠᠪᠳᠠᠭᠤᠨ ᠪᠠᠳᠤᠳᠠᠢ ᠦᠷᠨᠢᠬᠦᠯᠪᠡ᠃   ᠤᠳᠤ ᠪᠤᠯᠳᠠᠯ᠎ᠠ ᠤᠨ ᠤ ᠪᠠᠶᠢᠴᠠᠭᠠᠯᠳᠠ ᠶᠢᠨ ᠮᠡᠳᠡᠬᠦᠯᠤᠯᠳᠠ  ᠪᠠᠨ ᠨᠢᠭᠡᠨᠳᠠ ᠲᠡᠭᠡᠭᠰᠢ ᠮᠡᠳᠡᠬᠦᠯᠦᠭᠰᠡᠨ ᠨᠠᠶᠢᠭᠡᠮ ᠤᠨ ᠵᠤᠭᠢᠶᠠᠨ ᠪᠠᠶᠢᠭᠤᠯᠤᠯᠳᠠ 65  ᠪᠠᠶᠢᠵᠤ᠂ 48  ᠤᠨ ᠤ ᠪᠠᠶᠢᠴᠠᠭᠠᠯᠳᠠ ᠶᠢᠨ ᠠᠩᠬᠠᠨ ᠤ ᠭᠢᠨᠠᠯᠳᠠ ᠶᠢ ᠨᠢᠭᠡᠨᠳᠠ ᠪᠠᠶᠠᠯᠠᠬᠦᠯᠵᠤ᠂ ᠵᠠᠰᠠᠪᠤᠷᠢ ᠤᠷᠤᠭᠤᠯᠬᠤ ᠰᠠᠨᠠᠯ ᠢ ᠬᠠᠷᠢᠭᠤ ᠲᠤᠰᠬᠠᠭᠰᠠᠨ ᠨᠢ  35  ᠪᠠᠶᠢᠵᠤ᠂  218  ᠬᠤᠪᠢ ᠲᠤᠬᠠᠶᠢᠯᠠᠭᠰᠠᠨ ᠠᠵᠢᠯ ᠤᠨ  ᠵᠦᠪᠯᠡᠯᠭᠡ   ᠶᠢ ᠰᠢᠢᠳᠪᠤᠷᠢᠯᠡᠵᠤ᠂ 215  ᠲᠤᠬᠠᠶᠢᠯᠠᠭᠰᠠᠨ ᠠᠵᠢᠯ ᠤᠨ ᠯᠠᠪᠯᠠᠯᠳᠠ ᠶᠢᠨ ᠤᠳᠠᠰᠤ ᠶᠢ ᠲᠤᠰᠪᠡ᠃ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠤᠨ  ᠤ ᠪᠠᠶᠢᠴᠠᠭᠠᠯᠳᠠ ᠶᠢᠨ ᠠᠵᠢᠯ ᠡᠮᠭᠢ ᠵᠢᠷᠤᠮ ᠲᠠᠢ᠂ ᠵᠢᠷᠤᠮᠵᠢᠯ ᠲᠠᠢ ᠶᠠᠪᠤᠭᠳᠠᠵᠤ ᠪᠠᠶᠢᠨ᠎ᠠ᠃     ᠨᠢᠭᠡ ᠳᠤ᠂  ᠪᠠᠶᠢᠷᠢᠯᠠᠭᠤᠯᠤᠯᠳᠠ ᠪᠠᠨ ᠴᠠᠭ ᠲᠤᠬᠠᠢ ᠳᠤ ᠨᠢ ᠲᠤᠭᠢᠷᠠᠭᠤᠯᠪᠡ᠃ ᠤᠨ ᠤ ᠪᠠᠶᠢᠴᠠᠭᠠᠯᠳᠠ ᠶᠢᠨ ᠮᠡᠳᠡᠭᠳᠡᠯ ᠢ ᠴᠠᠭ ᠲᠤᠬᠠᠢ ᠳᠤ ᠨᠢ ᠲᠠᠷᠤᠮᠠᠯᠯᠠᠨ ᠲᠠᠷᠬᠠᠭᠠᠵᠤ᠂ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠤᠨ ᠤ ᠪᠠᠶᠢᠴᠠᠭᠠᠯᠳᠠ ᠶᠢᠨ ᠡᠳᠡᠭᠡᠤᠨ᠂ ᠴᠠᠭ ᠬᠤᠭᠤᠴᠠᠭ᠎ᠠ ᠪᠠ ᠠᠯᠬᠤᠮ ᠲᠠᠷᠠᠭ᠎ᠠ᠂ ᠪᠠᠶᠢᠴᠠᠭᠠᠬᠤ ᠪᠠᠷᠢᠮᠵᠢᠶ᠎ᠠ ᠪᠠ ᠠᠵᠢᠯ  ᠤᠨ ᠱᠠᠭᠠᠷᠳᠠᠯᠭ᠎ᠠ ᠵᠡᠷᠭᠡ ᠶᠢ ᠲᠤᠳᠤᠷᠬᠠᠢ  ᠳᠤᠭᠳᠠᠭᠠᠪᠠ᠃ ᠬᠤᠳᠠ ᠶᠢᠨ ᠠᠷᠠᠤᠨ ᠤᠨ ᠶᠠᠪᠤᠳᠠᠯ ᠤᠨ  ᠲᠤᠪᠴᠢᠶ᠎ᠠ  ᠶᠢᠨ ᠸᠢᠴᠠᠲ ᠲᠠᠪᠴᠠᠩ᠂  ᠤᠷᠳᠤᠰ ᠤᠨ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠰᠤᠨᠢᠨ᠂ ᠤᠷᠳᠤᠰ ᠬᠤᠳᠠ  ᠶᠢᠨ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠸᠢᠴᠠᠲ ᠤᠨ ᠲᠠᠪᠴᠠᠩ ᠢᠶᠠᠷ ᠨᠠᠶᠢᠭᠡᠮ ᠤᠨ ᠵᠤᠭᠢᠶᠠᠨ ᠪᠠᠶᠢᠭᠤᠯᠤᠯᠳᠠ ᠨᠢᠬᠡ ᠪᠦᠷᠢ ᠳᠤ ᠮᠡᠳᠡᠭᠳᠠᠯ  ᠦᠭᠴᠤ᠂ ᠬᠤᠳᠠ ᠶᠢᠨ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠸᠢᠴᠠᠲ ᠂ QQ  ᠴᠤᠭᠯᠠᠷᠠᠯ ᠤᠨ ᠬᠢᠨ ᠰᠦᠯᠵᠢᠶᠠᠨ ᠲᠡᠭᠡᠷ᠎ᠠ ᠤᠨ ᠤ ᠪᠠᠶᠢᠴᠠᠭᠠᠯᠳᠠ ᠭᠢᠵᠤ᠂ ᠲᠠᠭᠯᠠᠨ ᠮᠡᠳᠡᠬᠦᠯᠬᠦ ᠶᠢ ᠭᠠᠷᠳᠠᠨ  ᠬᠦᠢᠴᠡᠳᠭᠡᠭᠰᠡᠳ  ᠲᠤ ᠦᠷᠬᠦᠯᠵᠢᠯᠠᠨ ᠰᠠᠨᠠᠭᠤᠯᠬᠤ ᠶᠢᠨ ᠬᠠᠮᠳᠤ ᠲᠤᠬᠠᠶᠢᠯᠠᠭᠰᠠᠨ ᠠᠵᠢᠯ  ᠤᠨ  ᠡᠷᠭᠢᠯᠡᠨ ᠬᠠᠮᠢᠶᠠᠷᠬᠤ ᠨᠢᠭᠡᠴᠡ ᠯᠦᠭᠡ ᠶᠢᠨ ᠨᠠᠪᠳᠠᠷᠠᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠤᠨ ᠤ ᠪᠠᠶᠢᠴᠠᠭᠠᠯᠳᠠ ᠶᠢᠨ ᠤᠶᠢᠯᠠᠭᠠᠬᠤ ᠨᠤᠷᠮ᠎ᠠ ᠶᠢ 100%  ᠳᠤ ᠬᠦᠷᠤᠬᠦᠯᠬᠦ  ᠶᠢ ᠦᠨᠡᠨ ᠬᠦ  ᠪᠠᠳᠤᠯᠠᠪᠠ᠃   ᠬᠤᠶᠠᠷ ᠲᠤ᠂ ᠵᠢᠭᠠᠨ ᠵᠢᠯᠤᠭᠤᠳᠬᠤ ᠦᠢᠯᠡᠴᠢᠯᠡᠭᠡ ᠶᠢ ᠪᠤᠳᠠᠳᠠᠶᠢᠵᠢᠭᠤᠯᠤᠨ᠎ᠠ᠃ ᠨᠢᠭᠡ ᠲᠠᠯ᠎ᠠ ᠪᠠᠷ ᠰᠤᠶᠢᠳᠭᠡᠯ ᠬᠤᠷᠢᠶᠠᠬᠤ ᠦᠭᠡᠢ ᠪᠠᠷ ᠭᠢᠨᠠᠨ ᠪᠤᠳᠤᠬᠤ  ᠦᠢᠯᠡᠴᠢᠯᠡᠭᠡ ᠶᠢ ᠦᠷᠨᠢᠬᠦᠯᠵᠤ᠂ ᠬᠤᠳᠠᠯᠳᠤᠭ᠎ᠠ ᠡᠷᠭᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ᠂ ᠠᠵᠢᠯ ᠤᠨ ᠱᠠᠭᠠᠷᠳᠠᠯᠭ᠎ᠠ ᠶᠢ ᠢᠳᠠᠪᠭᠢᠳᠠᠢ ᠨᠠᠶᠢᠳᠠᠪᠤᠷᠢᠵᠢᠭᠤᠯᠬᠤ ᠶᠢᠨ ᠲᠦᠯᠤᠭᠡ ᠠᠷᠠᠤᠨ ᠲᠤ ᠲᠦᠭᠦᠮ ᠦᠵᠡᠬᠦᠯᠵᠤ ᠠᠵᠤ ᠠᠬᠤᠶᠢᠯᠠᠯ ᠳᠤ ᠠᠰᠢᠭ ᠬᠦᠷᠳᠡᠭᠡᠬᠦ ᠵᠠᠷᠴᠢᠮ ᠶᠤᠰᠤᠭᠠᠷ ᠬᠤᠳᠠ ᠶᠢᠨ ᠠᠷᠠᠤᠨ ᠤᠨ ᠶᠠᠪᠤᠳᠠᠯ ᠤᠨ ᠲᠤᠪᠴᠢᠶ᠎ᠠ ᠦᠨᠤ ᠵᠢᠯ ᠤᠨ ᠤᠨ ᠤ ᠪᠠᠶᠢᠴᠠᠭᠠᠯᠳᠠ ᠭᠢᠬᠦ ᠶᠠᠪᠤᠴᠠ ᠳᠤ ᠭᠤᠷᠪᠡᠳᠠᠭᠢ ᠡᠳᠡᠭᠡᠤᠨ ᠤᠨ ᠨᠢᠬᠳᠠᠯᠠᠨ ᠪᠤᠳᠤᠭᠴᠢ ᠶᠢᠨ ᠭᠡᠷᠡᠭ ᠡᠷᠭᠢᠯᠡᠬᠦ ᠭᠠᠵᠠᠷ ᠲᠤ ᠨᠠᠶᠢᠳᠠᠵᠤ  ᠨᠠᠶᠢᠭᠡᠮ ᠤᠨ ᠡᠯ᠎ᠡ ᠵᠤᠭᠢᠶᠠᠨ ᠪᠠᠶᠢᠭᠤᠯᠤᠯᠳᠠ ᠳᠤ ᠰᠤᠶᠢᠳᠭᠡᠯ ᠬᠤᠷᠢᠶᠠᠬᠤ ᠦᠭᠡᠢ ᠪᠠᠷ ᠭᠢᠨᠠᠨ ᠪᠤᠳᠤᠬᠤ ᠦᠢᠯᠡᠴᠢᠯᠡᠭᠡ  ᠬᠠᠩᠭᠠᠵᠤ᠂ ᠨᠠᠶᠢᠭᠡᠮ  ᠤᠨ ᠵᠤᠭᠢᠶᠠᠨ ᠪᠠᠶᠢᠭᠤᠯᠤᠯᠳᠠ ᠶᠢᠨ ᠭᠡᠷᠡᠭᠯᠡᠯᠳᠠ ᠶᠢᠨ ᠲᠠᠷᠤᠭᠠᠰᠤ ᠶᠢ ᠬᠦᠩᠭᠡᠷᠡᠬᠦᠯᠪᠡ᠃  ᠨᠦᠬᠦᠭᠡ ᠲᠠᠯ᠎ᠠ ᠪᠠᠷ ᠲᠤᠰᠬᠠᠢ ᠮᠡᠷᠭᠡᠵᠢᠯ ᠤᠨ ᠵᠢᠯᠤᠭᠤᠳᠤᠯᠭ᠎ᠠ ᠶᠢᠨ  ᠦᠢᠯᠡᠴᠢᠯᠡᠭᠡ ᠶᠢ ᠢᠳᠠᠪᠭᠢᠳᠠᠢ ᠬᠠᠩᠭᠠᠵᠤ᠂ ᠨᠠᠶᠢᠭᠡᠮ ᠤᠨ ᠵᠤᠭᠢᠶᠠᠨ ᠪᠠᠶᠢᠭᠤᠯᠤᠯᠳᠠ‌ᠵᠢᠨ ᠤᠨ ᠤ ᠪᠠᠶᠢᠴᠠᠭᠠᠯᠳᠠ  ᠶᠢ ᠭᠠᠷᠳᠠᠨ ᠬᠦᠢᠴᠡᠳᠭᠡᠭᠴᠢ ᠶᠢᠨ  ᠰᠢᠯᠵᠢᠯᠳᠠ ᠶᠢᠨ ᠴᠢᠨᠠᠷ ᠢᠶᠠᠷ ᠨᠠᠯᠢᠶᠠᠤᠨ ᠲᠦᠷᠭᠡᠨ᠂ ᠨᠠᠰᠤ ᠠᠭᠢᠭᠰᠠᠨ᠂ ᠮᠡᠳᠡᠭᠡ ᠵᠠᠩᠭᠢᠵᠢᠯᠳᠠ ᠶᠢᠨ ᠲᠦᠪᠰᠢᠨ ᠲᠤᠤᠷ᠎ᠠ ᠪᠠᠶᠢᠭ᠎ᠠ ᠪᠠᠶᠢᠳᠠᠯ ᠳᠤ ᠴᠢᠭᠯᠡᠬᠦᠯᠤᠨ ᠦᠢᠯᠡᠴᠢᠯᠡᠭᠡ ᠶᠢ  ᠰᠢᠯᠵᠢᠬᠦᠯᠵᠤ᠂ ᠬᠤᠳᠠ ᠶᠢᠨ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠦᠢᠯᠡᠴᠢᠯᠡᠭᠡᠨ ᠤ ᠲᠦᠪ ᠲᠤ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢᠨ ᠤᠨ ᠤ ᠪᠠᠶᠢᠴᠠᠭᠠᠯᠳᠠ ᠶᠢᠨ ᠵᠢᠯᠤᠭᠤᠳᠬᠤ ᠭᠠᠵᠠᠷ ᠭᠠᠷᠭᠠᠵᠤ᠂ ᠯᠠᠪᠯᠠᠬᠤ   ᠤᠳᠠᠰᠤ ᠶᠢ ᠲᠤᠬᠢᠷᠠᠭᠤᠯᠤᠨ᠂ ᠰᠦᠯᠵᠢᠶ᠎ᠡ ᠪᠠᠷ  ᠲᠠᠭᠯᠠᠬᠤ᠂ ᠮᠠᠲ᠋ᠧᠷᠢᠶᠠᠯ ᠪᠡᠯᠡᠳᠭᠡᠬᠦ ᠵᠡᠷᠭᠡ ᠠᠰᠠᠭᠤᠨ ᠯᠠᠪᠯᠠᠬᠤ ᠦᠢᠯᠠᠴᠢᠯᠡᠭᠡ ᠶᠢ ᠬᠠᠨᠭ᠍ᠭᠠᠪᠠ᠃    ᠭᠤᠷᠪᠡ ᠳᠤ᠂ ᠴᠢᠩᠭ᠎ᠠ ᠭᠢᠨᠠᠨ ᠪᠠᠶᠢᠴᠠᠭᠠᠯᠳᠠ ᠶᠢ ᠪᠤᠳᠠᠳᠠᠶᠢᠵᠢᠭᠤᠯᠬᠤ ᠶᠢ ᠴᠢᠩᠭᠠᠳᠬᠠᠪᠠ᠃ ᠤᠨ ᠤ ᠪᠠᠶᠢᠴᠠᠭᠠᠯᠳᠠ ᠶᠢᠨ ᠮᠠᠲ᠋ᠧᠷᠢᠶᠠᠯ ᠢ ᠭᠢᠨᠠᠨ  ᠬᠠᠷᠭᠤᠭᠤᠯᠬᠤ ᠶᠠᠪᠤᠴᠠ ᠳᠤ᠂ ᠨᠠᠶᠢᠭᠡᠮ ᠤᠨ ᠵᠤᠭᠢᠶᠠᠨ ᠪᠠᠶᠢᠭᠤᠯᠤᠯᠳᠠ  ᠶᠢᠨ ᠲᠤᠳᠤᠭᠠᠳᠤ ᠶᠢᠨ ᠪᠦᠳᠤᠭᠡᠨ ᠪᠠᠶᠢᠭᠤᠯᠤᠯᠳᠠ ᠶᠢᠨ ᠪᠠᠶᠢᠳᠠᠯ᠂  ᠭᠢᠨᠡᠨ ᠬᠦᠯᠢᠶᠡᠬᠦ ᠪᠠᠶᠢᠳᠠᠯ᠂ ᠡᠳ᠋ ᠤᠨ ᠶᠠᠪᠤᠳᠠᠯ  ᠤᠨ ᠨᠢᠬᠳᠠᠯᠠᠨ ᠪᠤᠳᠤᠯᠳᠠ ᠶᠢᠨ ᠮᠡᠳᠠᠬᠦᠯᠤᠯᠳᠠ  ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢᠨ ᠪᠠᠶᠢᠳᠠᠯ ᠵᠡᠷᠭᠡ ᠲᠠᠯ᠎ᠠ ᠳᠤ ᠭᠤᠤᠯᠳᠠᠯᠭ᠎ᠠ ᠲᠠᠢ ᠭᠢᠨᠠᠨ ᠪᠠᠶᠢᠴᠠᠭᠠᠯᠳᠠ ᠭᠢᠵᠤ᠂ ᠤᠨ ᠤ ᠪᠠᠶᠢᠴᠠᠭᠠᠯᠳᠠ ᠶᠢᠨ ᠲᠤᠭᠳᠠᠭᠠᠭᠰᠠᠨ ᠠᠭᠤᠯᠭ᠎ᠠ᠂ ᠲᠡᠰ ᠲᠠᠷᠠᠭᠠᠯᠠᠯ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ ᠵᠤᠭᠢᠬᠤ ᠤᠨ ᠤ ᠪᠠᠶᠢᠴᠠᠭᠠᠯᠳᠠ ᠶᠢᠨ ᠳ᠋ᠦᠩᠨᠠᠯᠳᠠ ᠭᠠᠷᠭᠠᠪᠠ᠃ ᠤᠷᠤᠰᠢᠵᠤ ᠪᠠᠶᠢᠭ᠎ᠠ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠤᠭᠰᠠᠨ ᠦᠭᠡᠢ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢ ᠵᠠᠷᠯᠢᠭᠳᠠᠵᠤ ᠪᠠᠶᠢᠭᠠᠤᠨ ᠴᠡᠭᠴᠡᠯᠡᠨ  ᠰᠠᠶᠢᠵᠢᠷᠠᠭᠤᠯᠵᠤ᠂ ᠲᠤᠰᠬᠠᠢ ᠵᠤᠶᠢᠯ ᠢᠶᠠᠷ ᠰᠤᠭᠤᠴᠢᠨ ᠪᠠᠶᠢᠴᠠᠭᠠᠬᠤ᠂ ᠵᠠᠰᠠᠭ ᠵᠠᠬᠢᠷᠭᠠᠨ ᠤ  ᠰᠢᠢᠳᠬᠡᠯ ᠦᠭᠭᠦ ᠶᠢᠨ ᠬᠠᠮᠳᠤ ᠠᠵᠢᠯᠯᠠᠭ᠎ᠠ ᠶᠢᠨ ᠭᠡᠪ  ᠪᠤᠰᠤ ᠨᠠᠷᠠᠰ ᠤᠨ ᠵᠢᠬᠰᠠᠭᠠᠯᠳᠠ ᠳᠤ ᠤᠷᠤᠭᠤᠯᠬᠤ ᠵᠡᠷᠭᠡ ᠠᠷᠭ᠎ᠠ ᠪᠠᠷ ᠴᠢᠩᠭ᠎ᠠ   ᠰᠢᠢᠳᠪᠤᠷᠢᠯᠡᠵᠤ ᠪᠠᠶᠢᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号