ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/12
   4 ᠳ᠋ᠤᠬᠡᠷ ᠰᠠᠷ᠎ᠠ ᠶᠢᠨ 6 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠶᠤᠯᠬᠦᠢ ᠦᠢᠯᠡᠳᠪᠦᠷᠢᠯᠡᠯ ᠤᠨ ᠪᠠ ᠭᠠᠯ ᠤᠨᠲᠠᠷᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠢ ᠰᠡᠳᠦᠪᠲᠦ ᠬᠤᠷᠠᠯ ᠵᠢᠴᠢ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠬᠤᠷᠠᠯ  ᠢ ᠬᠤᠷᠠᠯᠳᠤᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ᠂ ᠲᠢᠩᠬᠢᠮ ᠤᠨ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠢᠶᠠᠩ ᠬᠤᠩ ᠤᠨ ᠨᠠᠶᠢᠳᠠᠯᠭ᠎ᠠ ᠪᠠᠷ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ᠂ ᠲᠢᠩᠬᠢᠮ ᠤᠨ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠴᠤᠭ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠠᠮᠢᠶ᠎ᠠ ᠪᠦᠬᠦᠢ ᠭᠠᠵᠠᠷ ᠲᠠᠰᠤᠭ᠂  ᠨᠢᠬᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠠᠶᠢᠳᠠᠯ ᠢᠶᠠᠨ ᠬᠠᠷᠢᠭᠤ ᠮᠡᠳᠡᠬᠦᠯᠵᠡᠢ᠃
W020220407448524295969.jpg   ᠬᠤᠷᠠᠯ ᠠᠴᠠ᠂ ᠠᠮᠤᠷ ᠲᠦᠪᠰᠢᠨ ᠲᠠᠶᠢᠱᠠᠨ ᠠᠭᠤᠯᠠᠨ ᠠᠴᠠ ᠬᠦᠨᠳᠦ᠂ ᠠᠮᠤᠷ ᠲᠦᠪᠰᠢᠨ ᠤ ᠠᠵᠢᠯ ᠢ
ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠦᠭᠡᠢ᠃ ᠣᠶᠢᠷ᠎ᠠ ᠳᠤ᠂ ᠰᠢ ᠶᠢᠨ ᠫᠢᠩ ᠶᠡᠷᠦᠩᠬᠡᠢ ᠱᠦᠵᠢ ᠠᠮᠤᠷ ᠲᠦᠪᠰᠢᠨ ᠤ ᠠᠵᠢᠯ ᠳᠤ ᠴᠢᠬᠤᠯᠠ ᠵᠢᠭᠠᠪᠤᠷᠢ ᠥᠭᠴᠦ᠂ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠤᠯᠤᠰ ᠤᠨ ᠤᠳᠤᠷᠢᠳᠬᠤ ᠨᠥᠬᠦᠳ ᠲᠤᠰ ᠲᠤᠰ ᠴᠢᠬᠤᠯᠠ ᠴᠣᠬᠤᠯᠠᠪᠤᠷᠢ ᠪᠢᠴᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠢ ᠴᠣᠬᠤᠯᠠᠪᠤᠷᠢ ᠥᠭᠴᠦ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠨᠭ᠍ᠭᠠᠪᠠ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ  ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ  ᠦᠪᠤᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠡᠯ᠎ᠡ ᠵᠦᠢᠯ ᠤᠨ ᠠᠵᠢᠯ ᠢ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠠᠬᠢᠭᠤᠯᠬᠤ ᠬᠡᠷᠡᠭᠲᠡᠢ᠃   ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠪᠦᠬᠦ ᠲᠠᠯ᠎ᠠ  ᠪᠠᠷ ᠭᠦᠨᠵᠡᠭᠡᠢ ᠪᠥᠭᠡᠳ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ 2021 ᠣᠨ ᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠡᠰᠡᠭ ᠪᠦᠷᠢᠯᠳᠦᠭᠦᠨ ᠨᠢᠬᠡᠴᠢ ᠶᠢᠨ ᠠᠶᠤᠯᠭᠦᠢ ᠦᠢᠯᠡᠳᠪᠦᠷᠢᠯᠡᠯ ᠤᠨ ᠪᠠ ᠭᠠᠯ ᠤᠨᠲᠠᠷᠠᠭᠠᠬᠤ ᠠᠵᠢᠯ ᠤᠨ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ 2021 ᠣᠨ ᠤ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠵᠢᠯ ᠤᠨ ᠬᠢᠨᠠᠨ ᠰᠢᠯᠭᠠᠬᠤ ᠲᠣᠭᠤᠷᠢᠨ ᠪᠠᠶᠢᠴᠠᠭᠠᠬᠤ ᠪᠠ ᠪᠠᠶᠢᠭᠤᠯᠤᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠤᠭᠲᠤᠵᠤ᠂ ᠠᠵᠢᠯ ᠤᠨ ᠲᠥᠰᠥᠯ᠂ ᠪᠠᠴᠢᠮ ᠢ  ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠠᠵᠢᠯ ᠤᠨ ᠳᠦᠷᠢᠮ ᠤᠨ ᠲᠣᠭᠲᠠᠴᠠ ᠶᠢ ᠪᠦᠷᠢᠨᠰᠢᠭᠦᠯᠵᠦ᠂ ᠠᠵᠢᠯᠲᠠᠨ ᠤ ᠪᠣᠯᠪᠠᠰᠤᠷᠠᠯ ᠰᠣᠷᠢᠯᠲᠠ ᠶᠢ ᠴᠢᠩᠭᠠᠳᠬᠠᠨ ᠂ ᠠᠷᠠᠳ ᠤᠨ ᠶᠠᠪᠤᠳᠠᠯ ᠤᠨ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ   ᠲᠡᠭᠡᠭᠰᠢᠯᠡᠬᠦᠯᠬᠦ ᠬᠡᠷᠡᠭᠳᠡᠢ᠃   ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠳᠠᠯᠳᠠ ᠭᠡᠮ ᠢ ᠠᠷᠢᠯᠭᠠᠬᠤ᠂ ᠠᠳᠡᠯ ᠢ ᠬᠤᠷᠢᠭᠯᠠᠬᠤ᠂ ᠠᠮᠤᠷ ᠲᠦᠪᠰᠢᠨ ᠢ ᠪᠠᠲᠤᠯᠠᠬᠤ︾ ᠪᠣᠭᠤᠮᠲᠠ ᠰᠢᠪᠲᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠬᠦ ᠲᠤᠬᠠᠢ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠬᠡᠮ ᠰᠤᠭᠤᠭ ᠢ ᠡᠪᠬᠡᠨ ᠪᠠᠶᠢᠴᠠᠭᠠᠬᠤ ᠶᠡᠭᠡ ᠪᠠᠶᠢᠴᠠᠭᠠᠯᠲᠠ ᠶᠢᠨ ᠪᠠᠶᠢᠷᠢᠯᠠᠭᠤᠯᠤᠯᠲᠠ ᠶᠢ  ᠲᠠᠬᠢᠨᠳᠠ ᠥᠷᠨᠢᠭᠦᠯᠵᠦ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠶᠤᠯᠬᠦᠢ ᠦᠢᠯᠡᠳᠪᠦᠷᠢᠯᠡᠯ ᠤᠨ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︽ᠪᠦᠬᠦ ᠣᠷᠣᠨ ᠤ  ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠥᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠱᠠᠭᠠᠷᠳᠠᠯᠭ᠎ᠠ  ᠲᠠᠢ ᠤᠶᠠᠯᠳᠤᠭᠤᠯᠤᠨ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠱᠠᠯᠠᠪᠳᠠᠭᠤᠯᠤᠨ ᠵᠢᠯᠤᠭᠤᠳᠴᠤ ᠪᠠᠶᠢᠭᠠᠳ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠭᠦᠨᠵᠡᠭᠡᠢ ᠰᠠᠶᠢᠲᠤᠷ ᠬᠢᠵᠦ᠂ ᠠᠶᠤᠯᠬᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠷᠭ᠎ᠠ ᠬᠡᠮᠵᠢᠶ᠎ᠡ ᠶᠢ ᠦᠨᠡᠨ ᠬᠦ ᠬᠥᠮᠥᠨ  ᠳᠤ ᠨᠢ ᠬᠦᠷᠲᠡᠯ᠎ᠡ ᠨᠠᠶᠢᠳᠠᠪᠤᠷᠢᠵᠢᠭᠤᠯᠤᠨ᠂ ᠠᠵᠢᠯ ᠤᠨ ᠪᠠᠶᠢᠷᠢ ᠳᠤ ᠨᠢ ᠬᠦᠷᠲᠡᠯ᠎ᠡ ᠨᠠᠶᠢᠳᠠᠪᠤᠷᠢᠵᠢᠭᠤᠯᠵᠤ᠂ ᠨᠢᠭᠡ ᠶᠢ ᠴᠦ ᠬᠤᠭᠤᠰᠤᠨ ᠦᠯᠡᠳᠡᠭᠡᠬᠦ ᠦᠭᠡᠢ᠂ ᠨᠢᠭᠡ ᠶᠢ ᠴᠦ ᠣᠷᠬᠢᠭᠳᠠᠭᠤᠯᠬᠤ ᠦᠭᠡᠢ ᠪᠠᠶᠢᠵᠤ᠂ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠠᠷᠢᠴᠠᠯᠠᠰᠢ ᠦᠭᠡᠢ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠤᠨ ᠶᠠᠪᠤᠳᠠᠯ ᠤᠨ  ᠦᠢᠯᠡᠴᠢᠯᠡᠭᠡ ᠬᠦᠷᠳᠡᠭᠰᠡᠳ ᠤᠨ ᠬᠠᠷᠢᠴᠠᠯᠠᠰᠢ ᠦᠭᠡᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃   ᠬᠤᠷᠠᠯ ᠠᠴᠠ ᠪᠠᠰᠨ ᠲᠢᠩᠬᠢᠮ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠬᠤ ᠲᠤᠬᠠᠢ  ᠪᠠᠶᠢᠷᠢᠯᠠᠭᠤᠯᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号