ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠳ᠋ᠦᠩ ᠯᠧᠢ ᠬᠤᠲᠠ ᠶᠢᠨ ᠲᠣᠰ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/4/12
   4 ᠳ᠋ᠤᠬᠡᠷ ᠰᠠᠷ᠎ᠠ ᠶᠢᠨ 8  ᠤ ᠦᠳᠡ ᠶᠢᠨ ᠬᠤᠶᠢᠨ᠎ᠠ᠂ ᠬᠥᠯᠥᠨ ᠪᠤᠶᠢᠷ ᠤᠨ ᠬᠤᠳᠠ ᠶᠢᠨ ᠠᠷᠠᠳ ᠤᠨ ᠶᠠᠪᠤᠳᠠᠯ  ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠳ᠋ᠦᠩ ᠯᠧᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠼᠦᠢ ᠵᠢᠶᠦ᠋ᠨ ᠹᠥ᠋ᠩ ᠨᠠᠷ ᠬᠥᠯᠥᠨ ᠪᠤᠶᠢᠷ ᠤᠨ ᠪᠠᠩᠬᠢ ᠶᠢᠨ ᠦᠢᠯᠡᠰ ᠤᠨ ᠨᠡᠶᠢᠭᠡᠮᠯᠢᠭ᠂ ᠬᠥᠯᠥᠨ ᠪᠤᠶᠢᠷ ᠤᠨ ᠳᠠᠭᠠᠳᠬᠠᠯ ᠤᠨ ᠠᠵᠢᠯ ᠲᠦᠷᠦᠯ ᠤᠨ ᠨᠡᠶᠢᠭᠡᠮᠯᠢᠭ᠂ ᠬᠥᠯᠥᠨ ᠪᠤᠶᠢᠷ ᠤᠨ ᠬᠠᠶᠢᠷ᠎ᠠ ᠬᠠᠯᠠᠮᠵᠢ ᠶᠢᠨ ᠡᠮᠨᠡᠯᠭᠡ ᠶᠢᠨ ᠬᠤᠷᠢᠶ᠎ᠠ᠂ ᠬᠥᠯᠥᠨ ᠪᠤᠶᠢᠷ ᠤᠨ ᠭᠠᠯ ᠤᠨᠲᠠᠷᠠᠭᠠᠬᠤ ᠠᠵᠢᠯ ᠲᠦᠷᠦᠯ ᠤᠨ ᠨᠡᠶᠢᠭᠡᠮᠯᠢᠭ ᠵᠡᠷᠭᠡ 4 ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠦᠷᠴᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠠᠢ᠃ ᠶᠠᠷᠢᠯᠴᠠᠬᠤ ᠬᠤᠷᠠᠯ ᠬᠤᠷᠠᠯᠳᠤᠭᠤᠯᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤ ᠨᠢ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠠᠰᠤᠭ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠨᠠᠮ ᠤᠨ ᠡᠭᠦᠷ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠪᠠᠶᠢᠳᠠᠯ᠂ ᠨᠠᠮ ᠤᠨ ᠡᠭᠦᠷ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ᠂ ︽ᠨᠠᠢᠮᠠ ᠶᠢ ᠪᠦᠷᠢᠳᠦᠭᠦᠯᠦᠭᠰᠡᠨ︾ ᠪᠠᠷᠢᠮᠵᠢᠶᠠᠵᠢᠭᠤᠯᠤᠭᠰᠠᠨ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠠᠰᠤᠭ ᠤᠨ ᠪᠠᠶᠢᠭᠤᠯᠤᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ᠃
W020220411375862209097.jpg
   ᠼᠤᠤ ᠳ᠋ᠦᠩ ᠯᠧᠢ ᠨᠥᠬᠦᠷ ᠬᠤᠲᠠ ᠶᠢᠨ ᠲᠤᠰ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠴᠢᠬᠤᠯᠠᠴᠢᠯᠠᠭᠰᠠᠨ ᠨᠢ᠄ ᠨᠢᠭᠡ ᠳᠤ᠂ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠶᠢ  ᠴᠢᠩᠭᠠᠳᠬᠠᠬᠤ ᠬᠡᠷᠡᠭᠳᠡᠢ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠬᠤᠶᠠᠷ ᠲᠤ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠬᠤᠣᠰ ᠠᠬᠢᠭᠤᠯᠤᠯᠲᠠ ᠶᠢ ᠴᠢᠩᠭ᠎ᠠ ᠠᠳᠬᠤᠬᠤ ᠬᠡᠷᠡᠭᠳᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠲᠤᠬᠠᠶᠢᠯᠠᠭᠰᠠᠨ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠲᠤᠬᠠᠶᠢᠯᠠᠭᠰᠠᠨ ᠠᠵᠢᠯ ᠤᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠢᠶᠠᠨ ᠠᠬᠢᠭᠤᠯᠬᠤ ᠶᠢ ᠰᠠᠶᠢᠲᠤᠷ ᠠᠳᠬᠤᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠨᠠᠮ ᠤᠨ ᠪᠠᠶᠢᠭᠤᠯᠤᠯᠲᠠ ᠲᠠᠢ ᠪᠦᠬᠦ ᠲᠠᠯ᠎ᠠ ᠪᠠᠷ ᠤᠶᠠᠯᠳᠤᠭᠤᠯᠵᠤ᠂ ᠬᠠᠷᠢᠯᠴᠠᠨ ᠠᠬᠢᠭᠤᠯᠵᠤ  ᠬᠠᠮᠳᠤ ᠪᠠᠷ ᠤᠷᠤᠭᠰᠢᠯᠠᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ ᠂ ᠬᠠᠮᠤᠭ ᠤᠨ ᠬᠦᠴᠦᠷᠬᠡᠭ ᠨᠠᠮ ᠤᠨ ᠡᠭᠦᠷ ᠪᠠᠶᠢᠭᠤᠯᠬᠤ ᠬᠡᠷᠡᠭᠳᠡᠢ᠃ ᠰᠡᠳᠬᠢᠴᠡ ᠶᠢᠨ ᠰᠢᠨ᠎ᠡ ᠶᠢ ᠡᠭᠦᠳᠴᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ︽ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾ ︽ᠨᠠᠮ ᠤᠨ ᠭᠡᠰᠢᠭᠦᠨ ᠤ ᠢᠯᠡ ᠠᠮᠠᠯᠠᠯᠲᠠ︾ ︽ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠴᠡᠭ︾ ᠵᠡᠷᠭᠡ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号