︽ᠳᠥᠷᠪᠡ ᠶᠢ ᠴᠢᠩᠭᠠᠳᠬᠠᠬᠤ︾ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠶᠠᠰᠤ ᠴᠢᠨᠠᠷ  ᠦᠷ᠎ᠡ ᠪᠦᠲᠦᠮᠵᠢ ᠶᠢ ᠲᠠᠰᠤᠷᠠᠯᠳᠠ ᠦᠬᠡᠢ ᠲᠡᠭᠡᠭᠰᠢᠯᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2022/4/14
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠶᠤᠯᠭᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡ ᠶᠢ ᠴᠢᠩᠭᠠᠳᠬᠠᠬᠤ︾ ᠶᠢ ᠲᠣᠪᠣᠶᠢᠮ᠎ᠠ ᠰᠠᠶᠢᠲᠤᠷ ᠠᠳᠬᠤᠵᠤ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠠᠷᠭ᠎ᠠ ᠬᠡᠮᠵᠢᠶ᠎ᠡ ᠪᠠᠷ ᠠᠷᠠᠳ ᠤᠨ ᠶᠠᠪᠤᠳᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠡᠭᠡᠭᠰᠢᠯᠡᠬᠦᠯᠵᠤ ᠪᠠᠶᠢᠨ᠎ᠠ᠃    ᠨᠢᠭᠡ ᠳᠤ᠂ ᠪᠠᠶᠢᠷᠢᠯᠠᠭᠤᠯᠤᠯᠲᠠ ᠶᠢ  ᠴᠢᠩᠭᠠᠳᠬᠠᠪᠠ᠃     ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠠᠷᠠᠳ ᠤᠨ ᠶᠠᠪᠤᠳᠠᠯ ᠤᠨ ᠲᠢᠩᠬᠢᠮ ᠤᠨ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠢ ᠰᠡᠳᠦᠪᠲᠦ ᠬᠤᠷᠠᠯ  ᠢ ᠲᠡᠷᠨ ᠲᠠᠷᠤᠢ ᠳᠤ ᠨᠢ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠦᠨᠳᠦ ᠬᠡᠴᠡᠭᠦᠦ ᠪᠠᠶᠢᠳᠠᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠦᠨ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ ᠂ ᠠᠷᠠᠳ ᠤᠨ ᠶᠠᠪᠤᠳᠠᠯ ᠤᠨ  ᠠᠶᠤᠯᠬᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠦᠨᠡᠨ ᠬᠦ  ᠴᠢᠩᠭᠠᠳᠬᠠᠪᠠ᠃    ᠬᠤᠶᠠᠷ ᠲᠤ᠂ ᠬᠡᠮ ᠰᠤᠭᠤᠭ ᠢ ᠵᠢᠭᠰᠠᠭᠠᠨ ᠪᠠᠶᠢᠴᠠᠭᠠᠬᠤ ᠶᠢ  ᠴᠢᠩᠭᠠᠳᠬᠠᠪᠠ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠬᠦ ᠲᠤᠬᠠᠢ ᠪᠠᠴᠢᠮ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ︵ᠲᠠᠯᠠᠪᠤᠷ︶ ᠶᠢᠨ ᠠᠮᠤᠷ ᠲᠦᠪᠰᠢᠨ ᠤ ᠬᠡᠮ ᠰᠤᠭᠤᠭ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠬᠡᠮ ᠰᠤᠭᠤᠭ ᠤᠨ ᠡᠬᠡ ᠲᠠᠩᠰᠠ ᠶᠢ ᠪᠠᠶᠢᠭᠤᠯᠤᠨ᠂ ᠬᠠᠷᠢᠭᠤᠴᠠᠯᠭ᠎ᠠ ᠲᠠᠢ ᠬᠥᠮᠥᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠮᠤᠷ ᠲᠦᠪᠰᠢᠨ ᠤ ᠬᠡᠮ ᠰᠤᠭᠤᠭ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ  ᠦᠨᠡᠨ ᠬᠦ ᠪᠠᠳᠤᠯᠠᠵᠠᠢ᠃ ᠣᠳᠣᠬᠠᠨ ᠳᠤ 1575 ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠭᠠᠷᠭᠠᠵᠤ᠂ 1482 ᠶᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠠᠳᠤᠢ ᠪᠠᠶᠢᠳᠠᠯ ᠢ ᠵᠠᠷᠯᠠᠨ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠬᠤ ᠶᠢ ᠤᠯᠠᠮ ᠴᠢᠨᠠᠬᠰᠢᠳᠠ ᠰᠢᠪᠠᠳᠠᠪᠠ᠃    ᠭᠤᠷᠪᠠ ᠳᠤ᠂ ᠬᠢᠨᠠᠨ ᠵᠢᠯᠤᠭᠤᠳᠴᠤ ᠪᠠᠶᠢᠴᠠᠭᠠᠬᠤ ᠶᠢ  ᠴᠢᠩᠭᠠᠳᠬᠠᠪᠠ᠃    ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢ ᠠᠮᠢᠳᠤᠯᠢᠭ ᠪᠠᠶᠢᠯᠭᠠᠬᠤ ᠶᠢ ᠢᠮᠠᠭᠲᠠ ᠪᠠᠷᠢᠮᠲᠠᠯᠠᠵᠤ᠂  78 ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠸᠢᠳᠢᠤ᠋ ᠪᠠᠷ ᠰᠤᠭᠤᠴᠢᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ ᠰᠤᠭᠤᠭ ᠢ ᠴᠡᠭᠴᠡᠯᠡᠨ ᠵᠠᠰᠠᠬᠤ ᠬᠠᠮᠢᠶ᠎ᠠ ᠪᠦᠬᠦᠢ ᠠᠵᠢᠯ ᠢ ᠵᠢᠯᠣᠭᠤᠳᠤᠨ ᠥᠷᠨᠢᠭᠦᠯᠵᠦ᠂ 27 ᠠᠰᠠᠭᠤᠳᠠᠯ ᠢ ᠢᠯᠡᠷᠡᠭᠦᠯᠵᠦ᠂ ᠴᠥᠮ ᠲᠡᠷᠡ ᠳᠠᠷᠤᠢ ᠳᠤ ᠨᠢ ᠰᠢᠢᠳᠪᠤᠷᠢᠯᠡᠵᠤ᠂ ᠲᠡᠷᠡ ᠳᠠᠷᠤᠢ ᠳᠤ ᠨᠢ  ᠬᠠᠯᠠᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠪᠠ᠃ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠢᠨᠠᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠲᠣᠮᠢᠯᠠᠵᠤ᠂ ᠬᠥᠬᠡᠬᠤᠲᠠ᠂ ᠪᠤᠭᠤᠲᠤ᠂ ᠤᠯᠠᠭᠠᠨᠴᠠᠪ ᠬᠤᠲᠠ ᠳᠤ ᠭᠦᠨᠵᠡᠭᠡᠶᠢᠷᠡᠨ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ︵ᠲᠠᠯᠠᠪᠤᠷ︶ 12 ᠡᠷᠦᠬᠡ ᠶᠢ ᠨᠢᠭᠤᠴᠠ ᠪᠠᠷ ᠰᠤᠷᠪᠤᠯᠵᠢᠯᠠᠵᠤ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤ ᠨᠢ ᠵᠢᠯᠣᠭᠤᠳᠤᠨ ᠴᠡᠭᠴᠡᠯᠡᠨ ᠰᠠᠶᠢᠵᠢᠷᠠᠭᠤᠯᠵᠤ᠂ ᠲᠤᠬᠠᠢ ᠶᠢᠨ ᠲᠠᠯᠠᠪᠤᠷ ᠤᠨ  ᠱᠠᠯᠠᠪᠳᠠᠭᠤᠯᠤᠨ ᠪᠠᠶᠢᠴᠠᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ  ᠪᠠᠳᠤᠯᠠᠪᠠ᠃    ᠳᠥᠷᠪᠡ ᠳᠤ᠂ ᠳᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠪᠠ᠃    ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠡᠶᠢᠭᠡᠮ ᠤᠨ ᠬᠡᠷᠡᠭ ᠶᠠᠪᠤᠳᠠᠯ᠂ ᠨᠠᠰᠤᠵᠢᠯ ᠤᠨ  ᠦᠢᠯᠡᠴᠢᠯᠡᠭᠡ᠂ ᠬᠡᠦᠬᠡᠳ ᠤᠨ ᠠᠰᠠᠷᠠᠮᠵᠢ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠡᠭᠦᠰᠬᠡᠯ ᠤᠨ ᠲᠥᠰᠥᠯ ᠢ ᠬᠦᠷᠢᠶ᠎ᠡ ᠴᠠᠷᠠᠭ᠎ᠠ ᠬᠤᠪᠢᠶᠠᠨ ᠲᠣᠭᠲᠠᠭᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠪᠠᠲᠤᠯᠠᠬᠤ ᠪᠠᠷ ᠪᠠᠶᠢᠨ᠎ᠠ᠃ ᠠᠷᠠᠳ ᠤᠨ ᠶᠠᠪᠤᠳᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ  ᠤᠨ ᠲᠢᠩᠬᠢᠮ ᠤᠨ ᠠᠶᠤᠯᠬᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠪᠠᠴᠢᠮ ᠢ ᠠᠷᠭᠠᠴᠠᠭᠠᠬᠤ ᠪᠡᠯᠡᠳᠬᠡᠯ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ  ᠪᠠᠶᠢᠭᠤᠯᠤᠮᠵᠢ ᠶᠢᠨ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠢ ᠠᠷᠭᠠᠴᠠᠭᠠᠬᠤ ᠪᠡᠯᠡᠳᠬᠡᠯ ᠲᠥᠰᠥᠯ︾ ᠵᠡᠷᠭᠡ ᠨᠢᠭᠡ ᠪᠦᠯᠦᠭ ᠲᠥᠷᠥ ᠶᠢᠨ ᠪᠣᠳᠣᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠳ ᠤᠨ ᠶᠠᠪᠤᠳᠠᠯ ᠤᠨ ᠠᠶᠤᠯᠬᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠵᠢᠯ ᠤᠨ ᠰᠢᠰᠲ᠋ᠧᠮ ᠢ ᠨᠡᠩ ᠪᠦᠷᠢᠨ ᠲᠡᠭᠦᠯᠳᠡᠷ ᠪᠣᠯᠭᠠᠬᠤ ᠶᠢ ᠠᠬᠢᠭᠤᠯᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号