ᠪᠦᠬᠦ ᠣᠷᠣᠨ ᠤ ᠠᠵᠢᠯ ᠣᠯᠭᠤᠬᠤ ᠠᠵᠢᠯ ᠤᠨ ᠶᠠᠷᠢᠯᠴᠠᠬᠤ ᠬᠤᠷᠠᠯ ᠪᠤᠯᠤᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/14
ᠴᠢ ᠪᠠᠳᠤ ᠶᠠᠷᠢᠶ᠎ᠠ ᠲᠠᠯᠪᠢᠪᠠ    4 ᠳ᠋ᠤᠬᠡᠷ ᠰᠠᠷ᠎ᠠ ᠶᠢᠨ 12 ᠤᠨ ᠡᠳᠦᠷ᠂ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠤᠨ ᠶᠠᠷᠢᠯᠴᠠᠬᠤ ᠬᠤᠷᠠᠯ  ᠪᠤᠯᠤᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠥᠬᠡᠬᠤᠲᠠ ᠳᠤ ᠬᠤᠷᠠᠯᠳᠤᠪᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ ᠪᠠᠳᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   ᠬᠤᠷᠠᠯ ᠠᠴᠠ  ᠵᠢᠭᠠᠬᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠵᠢᠯ ᠣᠯᠭᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠰᠢ ᠶᠢᠨ ᠫᠢᠩ ᠶᠡᠷᠦᠩᠬᠡᠢ ᠱᠦᠵᠢ ᠤᠯᠠᠨᠳᠠ ᠴᠢᠬᠤᠯᠠ ᠵᠢᠭᠠᠪᠤᠷᠢ ᠴᠣᠬᠤᠯᠠᠪᠤᠷᠢ ᠭᠠᠷᠭᠠᠪᠠ᠃ ᠣᠳᠣᠬᠠᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠦᠯᠦᠬᠡ ᠪᠠᠷ ᠪᠥᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠲᠦᠷᠦ ᠶᠢᠨ ᠪᠣᠳᠣᠯᠭ᠎ᠠ ᠶᠢ ᠤᠯᠠᠨ ᠠᠷᠭ᠎ᠠ  ᠪᠠᠷ ᠤᠨᠢᠨ ᠳᠡᠭᠡᠷ᠎ᠡ ᠨᠢ ᠬᠡᠷᠡᠭᠵᠢᠭᠦᠯᠵᠦ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠪᠠᠷ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠬᠤ ᠬᠡᠷᠡᠭᠲᠡᠢ᠃   ᠬᠤᠷᠠᠯ ᠠᠴᠠ ᠱᠠᠭᠠᠷᠳᠠᠬᠰᠠᠨ ᠨᠢ᠂ ᠡᠯ᠎ᠡ ᠭᠠᠵᠠᠷ ᠤᠨ ᠬᠢᠨ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠭᠤᠣᠯᠳᠠᠯᠭ᠎ᠠ ᠲᠠᠢ  ᠬᠦᠮᠦᠰ ᠤᠨ ᠠᠵᠢᠯ ᠣᠯᠭᠤᠯᠲᠠ ᠶᠢ ᠪᠠᠲᠤᠯᠠᠬᠤ ᠬᠡᠷᠡᠭᠲᠡᠢ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠠᠯᠪᠠᠳᠠᠨ ᠢ ᠰᠢᠯᠭᠠᠨ ᠡᠯᠰᠡᠬᠦ᠂ ᠠᠵᠢᠯ ᠦᠢᠯᠡᠰ ᠤᠨ ᠨᠢᠭᠡᠴᠢ ᠶᠢᠨ ᠤᠷᠢᠨ ᠬᠡᠷᠡᠭᠯᠡᠬᠦ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠯᠰᠡᠨ ᠬᠡᠷᠡᠭᠯᠡᠬᠦ ᠬᠡᠪᠴᠢᠶ᠎ᠡ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠳᠠᠳᠤᠯᠭ᠎ᠠ ᠶᠢᠨ ᠠᠵᠢᠯ ᠤᠨ ᠪᠠᠶᠢᠷᠢ ᠶᠢᠨ ᠵᠣᠭᠤᠰ ᠴᠤᠭᠯᠠᠭᠤᠯᠬᠤ ᠡᠷᠴᠢᠮ ᠢ ᠴᠢᠩᠭᠠᠷᠠᠭᠤᠯᠵᠤ᠂ ᠨᠢᠭᠡ ᠪᠦᠯᠦᠭ ᠵᠢᠷᠤᠮᠵᠢᠭᠰᠠᠨ ᠬᠠᠮᠢᠶᠠᠷᠤᠯᠲᠠ ᠲᠠᠢ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠤᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠰᠢᠯᠵᠢᠭᠦᠯᠦᠨ ᠠᠵᠢᠯ ᠣᠯᠭᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠶᠢ ᠵᠣᠬᠢᠶᠠᠨ ᠪᠠᠶᠢᠭᠤᠯᠬᠤ᠂ ᠠᠵᠤ ᠦᠢᠯᠡᠰ ᠤᠨ ᠲᠥᠷᠥᠯ ᠵᠦᠢᠯ ᠢᠶᠠᠷ ᠳᠠᠶᠢᠴᠢᠯᠠᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠪᠠᠷ ᠳᠠᠶᠢᠴᠢᠯᠠᠬᠤ ᠵᠡᠷᠭᠡ ᠠᠷᠭ᠎ᠠ ᠵᠠᠮ ᠢ ᠥᠷᠭᠡᠳᠬᠡᠨ᠎ᠡ᠃ ᠪᠤᠰᠤᠳ ᠭᠤᠣᠯᠳᠠᠯᠭ᠎ᠠ ᠲᠠᠢ  ᠬᠦᠮᠦᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠵᠢᠯ ᠠᠯᠳᠠᠬᠰᠠᠳ᠂ ᠠᠵᠢᠯ ᠲᠠᠢ ᠬᠦᠮᠦᠨ ᠨᠢᠬᠡ ᠴᠦ ᠦᠬᠡᠢ ᠭᠡᠷ ᠪᠦᠯᠢ ᠳᠤ ᠦᠵᠡᠬᠦᠯᠬᠦ ᠠᠵᠢᠯ ᠣᠯᠭᠤᠯᠲᠠ ᠶᠢᠨ ᠲᠤᠰᠠᠯᠠᠮᠵᠢ ᠶᠢ ᠴᠢᠩᠭᠠᠳᠬᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠶᠢᠨ ᠳᠡᠮᠵᠢᠯᠭᠡ ᠶᠢ ᠨᠡᠮᠡᠭᠳᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠨᠡᠩ ᠰᠢᠯᠢᠳᠡᠭ ᠦᠢᠯᠡᠴᠢᠯᠡᠭᠡ ᠪᠠᠷ ᠠᠵᠢᠯ ᠣᠯᠭᠤᠯᠲᠠ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠴᠠᠯᠢᠩ ᠥᠷᠢᠲᠦᠬᠦ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠭᠤᠭᠴᠤᠭ᠎ᠠ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠮᠵᠢᠯᠴᠠᠨ ᠬᠢᠨᠠᠨ ᠬᠠᠮᠢᠶᠠᠷᠴᠤ᠂ ᠰᠡᠷᠭᠡᠶᠢᠯᠡᠨ ᠡᠵᠡᠮᠳᠡᠬᠦ ᠶᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号