ᠮᠠᠨ ᠤ ᠣᠷᠣᠨ ᠮᠡᠳᠡᠯᠭᠡ ᠶᠢᠨ ᠥᠮᠴᠢᠯᠡᠬᠦ ᠡᠷᠬᠡ ᠶᠢᠨ ᠪᠦᠬᠦ ᠬᠡᠯᠬᠢᠶ᠎ᠡ ᠶᠢ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠬᠤ ᠶᠢ ᠤᠯᠠᠨ ᠴᠡᠭ ᠠᠴᠠ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/4/14
     4  ᠳ᠋ᠤᠬᠡᠷ ᠰᠠᠷ᠎ᠠ ᠶᠢᠨ 13 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠥᠬᠦ ᠣᠷᠣᠨ ᠤ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2021 ᠣᠨ ᠤ ᠪᠥᠬᠦ ᠣᠷᠣᠨ ᠤ ᠮᠡᠳᠡᠯᠭᠡ ᠶᠢᠨ  ᠥᠮᠴᠢᠯᠡᠬᠦ ᠡᠷᠬᠡ ᠶᠢ ᠬᠠᠮᠠᠭᠠᠯᠠᠭᠰᠠᠨ ᠠᠷᠪᠠᠨ ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠤᠳᠤ ᠦᠶ᠎ᠡ ᠶᠢᠨ ᠥᠮᠴᠢᠯᠡᠯ ᠤᠨ ᠡᠷᠬᠡ ᠶᠢᠨ ᠳᠦᠷᠢᠮ ᠨᠢᠭᠡ ᠪᠣᠯᠤᠭᠰᠠᠨ ᠤ ᠬᠤᠪᠢ ᠳᠤ᠂ ᠮᠡᠳᠡᠯᠭᠡ ᠶᠢᠨ ᠥᠮᠴᠢᠯᠡᠬᠦ ᠡᠷᠬᠡ ᠶᠢᠨ ᠨᠢᠭᠡ ᠲᠠᠯ᠎ᠠ ᠨᠢ ᠰᠢᠨ᠎ᠡ ᠶᠢ ᠡᠭᠦᠳᠬᠦ ᠲᠠᠢ ᠬᠤᠯᠪᠤᠬᠳᠠᠵᠤ᠂ ᠨᠦᠬᠦᠬᠡ ᠲᠠᠯ᠎ᠠ  ᠨᠢ ᠵᠠᠬ᠎ᠠ ᠲᠡᠯᠬᠡᠬᠦᠷ ᠯᠦᠭᠡ ᠬᠤᠯᠪᠤᠬᠳᠠᠵᠤ ᠪᠠᠶᠢᠳᠠᠭ᠃  ᠦᠨᠤ ᠵᠢᠯ᠂ ᠮᠠᠨ ᠤ ᠣᠷᠣᠨ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ᠂ ᠬᠡᠷᠡᠭᠯᠡᠯᠲᠡ ᠶᠢ ᠠᠬᠢᠭᠤᠯᠬᠤ  ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠣᠯᠠᠨ ᠲᠠᠯ᠎ᠠ ᠠᠴᠠ ᠭᠠᠷᠳᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠬᠰᠠᠨ ᠪᠠᠶᠢᠨ᠎ᠠ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦᠢ ᠶᠢᠨ ᠬᠤᠸᠠ ᠶᠢᠨ ᠲᠠᠨᠢᠯᠴᠠᠭᠤᠯᠤᠭᠰᠠᠨ ᠢᠶᠠᠷ᠂ ᠦᠨᠤ ᠵᠢᠯ ᠮᠠᠨ ᠤ ᠣᠷᠣᠨ ᠥᠪᠥᠷ ᠮᠣᠩᠭᠤᠯ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ︵ᠬᠠᠮᠠᠭᠠᠯᠠᠯᠲᠠ︶ ᠲᠠᠪᠴᠠᠩ  ᠪᠤᠯᠤᠨ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠥᠬᠦ ᠣᠷᠣᠨ ᠢ ᠳᠡᠭᠡᠭᠰᠢ ᠳᠣᠷᠣᠭᠰᠢ ᠨᠡᠪᠲᠡᠷᠡᠭᠦᠯᠦᠭᠰᠡᠨ᠂ ᠬᠠᠷᠢᠯᠴᠠᠨ ᠠᠭᠤᠰᠤᠯᠴᠠᠭᠰᠠᠨ ᠮᠡᠳᠡᠯᠭᠡ ᠶᠢᠨ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠡᠵᠡᠩᠨᠡᠯᠲᠡ ᠶᠢᠨ ︽ᠨᠢᠭᠡ ᠰᠦᠯᠵᠢᠶ᠎ᠡ︾ ᠶᠢ  ᠪᠠᠶᠢᠭᠤᠯᠪᠠ᠃ ᠮᠡᠳᠡᠯᠭᠡ ᠶᠢᠨ ᠥᠮᠴᠢᠯᠡᠬᠦ ᠡᠷᠬᠡ ᠶᠢᠨ ᠲᠤᠬᠠᠶᠢᠯᠠᠭᠰᠠᠨ ᠠᠵᠢᠯ ᠤᠨ ᠴᠤᠩᠬᠤᠪᠴᠢ ᠶᠢᠨ ︽ᠰᠠᠭᠠᠳ ᠦᠭᠡᠢ ᠨᠡᠪᠲᠡᠷᠡᠬᠦ ᠵᠠᠮ︾ ᠢ ᠨᠠᠪᠲᠠᠷᠡᠭᠦᠯᠵᠦ᠂ ︽ᠨᠢᠭᠡ ᠴᠤᠩᠬᠤᠪᠴᠢ  ᠪᠠᠷ ᠪᠦᠬᠦᠨ ᠢ ᠬᠦᠢᠴᠡᠳᠬᠡᠬᠦ︾ ᠶᠢ ᠪᠥᠬᠦ ᠬᠦᠴᠦᠨ ᠢᠶᠠᠷ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠬᠡᠪᠡ᠃ ᠮᠡᠳᠡᠯᠭᠡ ᠶᠢᠨ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠤᠨ ᠬᠦᠷᠢᠶᠡᠯᠡᠩ ᠲᠤᠭᠤᠷᠢᠭ ᠲᠤ ᠤᠷᠤᠬᠤ ᠠᠵᠤ ᠠᠬᠤᠶᠢᠯᠠᠯ ᠳᠤ ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠨ ᠭᠥᠯᠢᠶᠡᠨ ᠠᠪᠴᠤ ᠰᠢᠢᠳᠪᠦᠷᠢᠯᠡᠬᠦ᠂ ︽ᠪᠥᠬᠦ ᠬᠡᠯᠬᠢᠶ᠎ᠡ ᠶᠢ ᠨᠢᠬᠡ ᠦᠷᠳᠡᠬᠡᠴᠢᠯᠡᠭᠰᠡᠨ︾ ᠶᠡᠷᠦᠩᠬᠡᠶᠢᠯᠡᠭᠰᠡᠨ ᠦᠢᠯᠡᠴᠢᠯᠡᠭᠡ ᠵᠡᠷᠭᠡ ᠠᠷᠭ᠎ᠠ ᠬᠡᠮᠵᠢᠶ᠎ᠡ ᠶᠢ ᠥᠷᠨᠢᠭᠦᠯᠬᠦ ᠪᠠᠷ ᠳᠠᠮᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠪᠦᠲᠦᠮᠵᠢᠲᠡᠶ  ᠨᠠᠮᠳᠠᠭᠤᠯᠪᠠ᠃ 2021 ᠣᠨ ᠳᠤ᠂ ᠪᠥᠬᠦ ᠣᠷᠣᠨ ᠳᠤ ᠨᠡᠶᠢᠲᠡ  ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠲᠠᠡᠵᠢᠯᠡᠬᠦ ᠳᠠᠩᠰᠠᠯᠠᠯᠲᠠ ᠶᠢ 103 ᠭᠦᠢᠴᠡᠳᠬᠡᠵᠦ᠂ ᠲᠡᠨᠵᠢᠯᠡᠭᠡ ᠶᠢᠨ ᠵᠣᠭᠤᠰ 15.8 ᠳ᠋ᠦᠩᠰᠢᠭᠤᠷ ᠲᠥᠭᠦᠷᠢᠭ ᠲᠤ ᠬᠥᠷᠪᠡ᠃ ᠡᠯ᠎ᠡ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠴᠣᠩᠬᠤ ᠨᠤᠭᠤᠳ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠭᠤᠶᠤᠴᠢᠯᠠᠯ ᠤᠨ ᠲᠤᠬᠠᠶᠢᠯᠠᠭᠰᠠᠨ ᠠᠵᠢᠯ ᠢ ᠨᠡᠶᠢᠲᠡ 1.26 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠵᠡᠢ᠃   ᠦᠨᠤ ᠵᠢᠯ᠂ ᠪᠦᠬᠦ ᠣᠷᠣᠨ ᠤ ᠡᠯ᠎ᠡ ᠱᠠᠲᠤᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠰᠠᠯᠠᠭ᠎ᠠ ᠮᠥᠴᠢᠷ ᠪᠠᠰᠠ ᠨᠡᠶᠢᠭᠡᠮ ᠤᠨ ᠡᠯ᠎ᠡ ᠲᠠᠯ᠎ᠠ ᠶᠢᠨ ᠮᠡᠳᠡᠯᠭᠡ ᠶᠢᠨ ᠡᠯ᠎ᠡ ᠲᠥᠷᠥᠯ ᠤᠨ ᠨᠡᠶᠢᠭᠡᠮᠯᠢᠭ᠂ ᠣᠷᠣᠯᠠᠨ ᠭᠦᠢᠴᠡᠳᠬᠡᠬᠦ ᠪᠠᠶᠢᠭᠤᠯᠤᠮᠵᠢ᠂ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠭᠦᠢᠴᠡᠳ ᠳᠠᠶᠢᠴᠢᠯᠠᠨ᠂ ᠣᠷᠣᠨ ᠨᠤᠲᠤᠭ ᠤᠨ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠮᠡᠳᠡᠯᠭᠡ ᠶᠢᠨ  ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠤᠣᠯᠴᠢᠯᠠᠨ ᠠᠳᠬᠤᠭᠰᠠᠨ᠂ ᠨᠡᠶᠢᠭᠡᠮ ᠤᠨ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠨᠤᠭᠤᠳ ᠬᠠᠷᠢᠯᠴᠠᠨ ᠬᠠᠮᠵᠢᠯᠴᠠᠵᠤ ᠬᠠᠮᠳᠤ ᠪᠠᠷ ᠠᠬᠢᠭᠤᠯᠤᠭᠰᠠᠨ ᠮᠡᠳᠡᠯᠭᠡ ᠶᠢᠨ ᠥᠮᠴᠢᠯᠡᠬᠦ ᠡᠷᠬᠡ ᠶᠢᠨ ᠪᠦᠬᠦ ᠬᠡᠯᠬᠢᠶ᠎ᠡ ᠶᠢ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠬᠤ ᠶᠢ ᠠᠯᠬᠤᠮ ᠠᠯᠬᠤᠮ ᠢᠶᠠᠷ ᠪᠦᠷᠢᠯᠳᠤᠬᠦᠯᠵᠤ ᠪᠠᠶᠢᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号