ᠵᠡᠮᠳᠡᠭᠴᠦᠳ ᠤᠨ ᠬᠤᠯᠪᠤᠭ᠎ᠠ‌‍ᠪᠣᠯᠣᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠦᠪᠳᠡᠯᠴᠡᠬᠡᠷ ᠲᠤᠬᠳᠠᠪᠠ
ᠨᠡᠶᠢᠲᠡᠯᠡᠭᠰᠡᠨ ᠴᠠᠭ᠄
2022/4/14
ᠴᠢ ᠪᠠᠳᠤ ᠭᠡᠷ᠎ᠡ ᠲᠣᠭᠲᠠᠬᠤ ᠶᠤᠰᠤᠯᠠᠯ ᠳᠤ ᠤᠷᠤᠯᠴᠠᠪᠠ   4 ᠳ᠋ᠤᠬᠡᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ  ᠬᠤᠯᠪᠤᠭ᠎ᠠ ᠬᠢᠭᠡᠳ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠪᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠲᠦᠪ ᠤᠨ ᠫᠠᠶᠢᠰᠡ ᠰᠡᠬᠦᠬᠦ ᠶᠤᠰᠤᠯᠠᠯ ᠦᠪᠤᠷ ᠮᠤᠩᠭᠤᠯ ᠤᠨ ᠶᠡᠭᠡ ᠰᠤᠷᠭᠠᠭᠤᠯᠢ  ᠳᠤ ᠶᠠᠪᠤᠬᠳᠠᠯ᠎ᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ  ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠤᠨ ᠡᠷᠬᠢᠯᠡᠭᠴᠢ ᠴᠢ ᠪᠠᠲᠤ ᠬᠤᠷᠠᠯ ᠳᠤ ᠣᠷᠣᠯᠴᠠᠭᠰᠠᠨ ᠪᠥᠭᠡᠳ ᠭᠡᠷ᠎ᠡ ᠲᠤᠬᠳᠠᠬᠤ ᠳᠤ ᠪᠠᠶᠢᠯᠴᠠᠪᠠ᠃   ᠲᠤᠬᠠᠢ ᠶᠢᠨ ᠲᠠᠯᠠᠪᠠᠢ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠪᠣᠯᠣᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠳᠠᠪᠠ᠃ ᠬᠤᠶᠠᠷ ᠲᠠᠯ᠎ᠠ ᠪᠠᠷ ᠢᠶᠠᠨ ᠵᠡᠮᠳᠡᠭᠴᠦᠳ ᠤᠨ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠦᠪᠵᠢᠭᠦᠯᠭᠡ ᠪᠣᠯᠣᠨ ᠵᠢᠷᠤᠭ ᠲᠥᠯᠥᠪᠯᠡᠭᠡ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠤᠰᠬᠠᠢ ᠮᠡᠷᠭᠡᠵᠢᠯ ᠤᠨ ᠲᠤᠰᠠᠯᠠᠬᠤ ᠪᠠᠭᠠᠵᠢ ᠶᠢ ᠰᠤᠳᠤᠯᠤᠨ ᠨᠡᠭᠡᠭᠡᠬᠦ᠂ ᠨᠡᠶᠢᠭᠡᠮ ᠤᠨ ᠦᠢᠯᠡᠴᠢᠯᠡᠭᠡ᠂ ᠤᠯᠠᠨ ᠨᠡᠶᠢᠲᠡ ᠶᠢᠨ ᠬᠠᠮᠢᠶᠠᠷᠤᠯᠲᠠ᠂ ᠰᠤᠷᠤᠭᠴᠢᠳ ᠤᠨ ᠦᠢᠯᠡᠳᠦᠯᠭᠡ ᠶᠢᠨ ᠰᠠᠭᠤᠷᠢᠨ ᠭᠠᠵᠠᠷ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ᠂ ᠵᠡᠮᠳᠡᠭ ᠰᠤᠷᠤᠭᠴᠢᠳ ᠢ ᠲᠡᠳᠬᠦᠵᠦ ᠲᠤᠰᠠᠯᠠᠬᠤ ᠵᠡᠷᠭᠡ ᠲᠠᠯ᠎ᠠ ᠶᠢᠨ ᠲᠣᠭᠤᠷᠢᠨ ᠳᠤ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ  ᠦᠷᠨᠢᠬᠦᠯᠬᠦ ᠪᠤᠯᠤᠨ᠎ᠠ᠃ ᠡᠨᠡ ᠬᠦ ᠠᠵᠢᠯᠯᠠᠭ᠎ᠠ ᠨᠢ ᠵᠡᠮᠳᠡᠭᠴᠦᠳ ᠤᠨ ᠦᠢᠯᠡᠰ ᠤᠨ ᠣᠨᠣᠯ ᠪᠠ ᠦᠢᠯᠡᠳᠦᠯᠭᠡ ᠶᠢᠨ ᠰᠤᠳᠤᠯᠭᠠᠨ ᠤ ᠲᠠᠯ᠎ᠠ ᠪᠠᠷ ᠰᠢᠨ᠎ᠡ ᠦᠷ᠎ᠡ ᠪᠦᠲᠦᠭᠡᠯ᠂ ᠰᠢᠨ᠎ᠡ ᠲᠤᠷᠰᠢᠯᠭ᠎ᠠ ᠶᠢ ᠡᠭᠦᠳᠬᠦ ᠪᠠᠷ ᠴᠢᠷᠮᠠᠶᠢᠵᠤ᠂ ᠵᠠᠰᠠᠭ᠂ ᠠᠵᠤ ᠦᠢᠯᠡᠰ᠂ ᠰᠤᠷᠭᠠᠭᠤᠯᠢ᠂ ᠰᠤᠳᠤᠯᠭᠠᠨ᠂ ᠬᠡᠷᠡᠭᠯᠡᠭᠡᠨ ᠤ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠨᠡᠭᠡᠭᠡᠵᠦ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠦᠢᠯᠡᠰ ᠤᠨ  ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ  ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠤᠨ ᠡᠷᠬᠢᠯᠡᠭᠴᠢ ᠴᠢ ᠪᠠᠲᠤ ᠬᠤᠶᠠᠷ ᠲᠠᠯ᠎ᠠ ᠪᠠᠷ ᠢᠶᠠᠨ ᠭᠡᠷ᠎ᠡ ᠲᠣᠭᠲᠠᠨ ᠬᠠᠮᠲᠤᠷᠠᠨ ᠠᠵᠢᠯᠯᠠᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠬᠦ ᠶᠢᠨ ᠬᠠᠮᠳᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢ ᠵᠡᠮᠳᠡᠭᠴᠦᠳ ᠤᠨ ᠴᠢᠳᠠᠪᠤᠷᠢᠲᠠᠨ ᠢ ᠬᠥᠮᠥᠵᠢᠭᠦᠯᠬᠦ  ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠰᠬᠦ ᠰᠤᠷᠤᠭᠴᠢᠳ ᠤᠨ ᠲᠤᠳᠤᠷᠠᠬᠢ ᠵᠡᠮᠳᠡᠭ ᠰᠤᠷᠤᠬᠴᠢᠳ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠵᠦ᠂ ᠬᠤᠶᠠᠷ ᠲᠠᠯ᠎ᠠ ᠪᠠᠷ ᠢᠶᠠᠨ ᠨᠢᠭᠲᠠ ᠬᠠᠮᠵᠢᠯᠴᠠᠵᠤ᠂ ᠵᠡᠮᠳᠡᠭᠴᠦᠳ ᠤᠨ ᠤᠨᠤᠯ ᠤᠨ ᠰᠤᠳᠤᠯᠭᠠᠨ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠦᠢᠯᠡᠴᠢᠯᠡᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠴᠢᠨᠠᠭᠰᠢᠳᠠ ᠥᠷᠭᠡᠳᠬᠡᠵᠦ᠂ ᠨᠡᠩ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠵᠡᠮᠳᠡᠭᠴᠦᠳ ᠤᠨ ᠨᠡᠩ ᠪᠠᠶᠠᠨ ᠴᠢᠨᠡᠭᠡᠯᠢᠭ᠂ ᠨᠡᠩ ᠨᠡᠷ᠎ᠡ ᠬᠦᠨᠳᠦ ᠲᠠᠢ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠳᠡᠢ ᠭᠡᠵᠤ ᠱᠠᠭᠠᠷᠳᠠᠪᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号