ᠨᠡᠶᠢᠭᠡᠮ ᠤᠨ ᠶᠠᠪᠤᠳᠠᠯ ᠤᠨ ᠭᠠᠵᠠᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠡᠷᠬᠡ ᠠᠰᠢᠭ ᠤᠨ ᠬᠡᠯᠲᠡᠰ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/4/20
   4 ᠳ᠋ᠤᠬᠡᠷ ᠰᠠᠷ᠎ᠠ ᠶᠢᠨ 13 ᠤ ᠡᠳᠦᠷ᠂ ᠦᠪᠤᠷ ᠮᠤᠩᠭᠤᠯ ᠤᠨ ᠠᠷᠠᠳ ᠤᠨ ᠶᠠᠪᠤᠳᠠᠯ ᠤᠨ ᠲᠢᠩᠭᠢᠮ ᠤᠨ ᠨᠡᠶᠢᠭᠡᠮ ᠤᠨ ᠶᠠᠪᠤᠳᠠᠯ ᠤᠨ ᠭᠠᠵᠠᠷ ᠤᠨ ᠬᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠠᠮᠢᠶ᠎ᠠ ᠪᠦᠬᠦᠢ ᠬᠡᠯᠲᠡᠰ ᠲᠠᠰᠤᠭ ᠤᠨ ᠨᠥᠬᠦᠳ ᠢ ᠤᠷᠢᠵᠤ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠲᠥᠪ ᠪᠠᠶᠢᠭᠤᠯᠬᠤ ᠵᠡᠷᠭᠡ ᠤᠴᠢᠷ ᠶᠠᠪᠤᠳᠠᠯ ᠤᠨ ᠲᠤᠬᠠᠢ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠲᠥᠪ ᠪᠠᠶᠢᠭᠤᠯᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠭᠦᠢᠴᠡᠳ ᠪᠠᠳᠠᠷᠠᠭᠤᠯᠬᠤ᠂ ᠰᠢᠨ᠎ᠡ ᠴᠠᠭ ᠦᠶ᠎ᠡ ᠶᠢᠨ ᠣᠷᠤᠭ ᠤᠨ ᠰᠢᠨ᠎ᠡ ᠬᠡᠪ ᠰᠤᠷᠲᠠᠯ ᠢ ᠪᠣᠶ ᠪᠣᠯᠭᠠᠬᠤ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠤᠯᠤᠬᠰᠠᠨ ᠤ ᠬᠠᠮᠲᠤ ᠪᠠᠷ ᠵᠥᠪᠳᠡᠯᠴᠡᠨ ᠲᠣᠭᠲᠠᠭᠰᠠᠨ ᠤᠴᠢᠷ ᠶᠠᠪᠤᠳᠠᠯ ᠤᠨ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠢᠯᠡᠳᠬᠡᠪᠡ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号