ᠮᠠᠨ ᠤ ᠣᠷᠣᠨ ᠪᠦᠬᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠢᠳᠡᠪᠬᠢᠲᠡᠢ ᠪᠠᠶᠢᠭᠤᠯᠪᠠ
ᠨᠡᠶᠢᠲᠡᠯᠡᠭᠰᠡᠨ ᠴᠠᠭ᠄
2022/4/25
    ᠣᠶᠢᠷ᠎ᠠ ᠶᠢᠨ ᠵᠢᠯ ᠮᠠᠨ ᠤ ᠣᠷᠣᠨ ᠠᠭᠤᠯᠠ ᠤᠰᠤ᠂ ᠣᠶ ᠰᠢᠭᠤᠢ᠂ ᠲᠠᠷᠢᠶᠠᠨ ᠭᠠᠵᠠᠷ᠂ ᠨᠠᠭᠤᠷ ᠪᠡᠯᠴᠢᠭᠡᠷ᠂ ᠡᠯᠡᠰᠦ ᠮᠠᠩᠬ᠎ᠠ ᠶᠢ ᠲᠤᠬᠳᠠᠪᠤᠷᠢᠵᠢᠭᠤᠯᠬᠤ ᠪᠠ ᠵᠠᠰᠠᠵᠤ ᠰᠡᠷᠭᠦᠭᠡᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠥᠪᠥᠷ ᠮᠣᠩᠭᠤᠯ ᠤᠨ ᠣᠨᠴᠠᠯᠢᠭ ᠢ ᠲᠣᠪᠤᠶᠢᠯᠭᠠᠨ᠂ ᠨᠤᠲᠤᠭ ᠪᠡᠯᠴᠢᠭᠡᠷ ᠪᠠ ᠣᠶ ᠰᠢᠭᠤᠢ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠶᠡᠭᠡ ᠲᠠᠯ᠎ᠠ ᠨᠤᠲᠤᠭ᠂ ᠶᠡᠭᠡ ᠣᠶ ᠰᠢᠭᠤᠢ᠂ ᠶᠡᠭᠡ ᠭᠤᠣᠯ ᠮᠥᠷᠡᠨ ᠨᠠᠭᠤᠷ ᠴᠥᠭᠦᠷᠥᠮ᠂ ᠶᠡᠭᠡ ᠴᠢᠭᠢᠭᠯᠢᠭ ᠭᠠᠵᠠᠷ ᠢ ᠰᠠᠶᠢᠲᠤᠷ ᠬᠠᠮᠠᠭᠠᠯᠠᠵᠤ᠂ ᠥᠪᠥᠷ ᠮᠣᠩᠭᠤᠯ ᠤᠨ ᠪᠣᠬᠢᠷᠳᠤᠯ ᠦᠭᠡᠢ ᠰᠠᠭᠤᠷᠢ ᠪᠠ ᠠᠮᠢ ᠠᠬᠤᠢ ᠶᠢᠨ ᠦᠨ᠎ᠡ ᠥᠷᠲᠡᠭ ᠢ ᠬᠠᠷᠠᠭᠤᠯᠪᠠ᠃    ᠮᠠᠨ ᠤ ᠣᠷᠣᠨ ︽ᠭᠤᠷᠪᠠᠨ ᠣᠷᠣᠨ ᠭᠤᠷᠪᠠᠨ ᠱᠤᠭᠤᠮ︾ ᠢ ᠵᠣᠬᠢᠰᠲᠠᠢ ᠵᠠᠭᠠᠭᠯᠠᠨ ᠲᠣᠭᠲᠠᠭᠠᠵᠤ᠂ ᠨᠤᠲᠤᠭ ᠪᠡᠯᠴᠢᠭᠡᠷ᠂ ᠣᠶ ᠰᠢᠭᠤᠢ᠂ ᠭᠤᠣᠯ ᠮᠥᠷᠡᠨ᠂ ᠨᠠᠭᠤᠷ ᠴᠥᠭᠦᠷᠥᠮ᠂ ᠨᠤᠭᠤ ᠭᠠᠵᠠᠷ᠂ ᠡᠯᠡᠰᠦ ᠮᠠᠩᠬ᠎ᠠ᠂ ᠴᠦᠯᠡᠷᠬᠡᠭ ᠭᠠᠵᠠᠷ ᠢ ᠨᠢᠭᠡ ᠴᠣᠭᠴᠠᠵᠢᠭᠤᠯᠤᠭᠰᠠᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ 59.69 ᠲᠦᠮᠡᠨ ᠲᠡᠭᠰᠢ ᠳᠥᠷᠪᠡᠯᠵᠢᠨ ᠺᠢᠯᠣᠮᠧᠲᠷ ᠠᠩᠬ᠎ᠠ ᠠᠯᠬᠤᠮ ᠵᠠᠭᠠᠭᠯᠠᠨ ᠲᠣᠭᠲᠠᠭᠠᠪᠠ᠃ ᠵᠢᠷᠭᠤᠭᠠᠨ ᠶᠡᠭᠡ ᠲᠠᠯ᠎ᠠ ᠨᠤᠲᠤᠭ ᠤᠨ ᠮᠠᠯᠵᠢᠬᠤ ᠣᠷᠣᠨ ᠪᠠ ᠳᠥᠷᠪᠡᠨ ᠶᠡᠭᠡ ᠮᠠᠯᠵᠢᠬᠤ ᠲᠠᠷᠢᠶᠠᠯᠠᠬᠤ ᠣᠷᠣᠨ ᠢ ᠪᠦᠲᠦᠭᠡᠨ ᠪᠠᠶᠢᠭᠤᠯᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ 6.22 ᠲᠦᠮᠡᠨ ᠲᠡᠭᠰᠢ ᠳᠥᠷᠪᠡᠯᠵᠢᠨ ᠺᠢᠯᠣᠮᠧᠲᠷ ᠠᠩᠬ᠎ᠠ ᠠᠯᠬᠤᠮ ᠵᠠᠭᠠᠭᠯᠠᠨ ᠲᠣᠭᠲᠠᠭᠠᠪᠠ᠃ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠢᠶᠠᠷ ᠭᠤᠤᠯ ᠪᠤᠯᠭᠠᠵᠤ᠂ ᠤᠯᠠᠭᠠᠨᠬᠠᠳᠠ᠂ ᠲᠦᠩᠯᠢᠶᠣᠣ ᠪᠠᠷ ᠲᠡᠳ᠋ᠯᠡᠬᠦᠯᠵᠤ᠂᠂ ᠠᠶᠢᠮᠠᠭ ᠬᠤᠳᠠ᠂ ᠬᠤᠰᠢᠭᠤ ᠰᠢᠶᠠᠨ  ᠤ ᠭᠤᠣᠯ ᠬᠤᠲᠠ ᠪᠠᠯᠭᠠᠰᠤ ᠪᠠᠷ ᠵᠠᠩᠭᠢᠯᠠᠭ᠎ᠠ ᠪᠣᠯᠭᠠᠭᠰᠠᠨ ᠬᠤᠲᠠ ᠪᠠᠯᠭᠠᠰᠤ ᠶᠢᠨ ᠣᠷᠣᠨ ᠵᠠᠢ ᠶᠢᠨ  ᠰᠢᠰᠲ᠋ᠧᠮ ᠢ ᠪᠠᠶᠢᠭᠤᠯᠵᠤ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠬᠢᠯᠢ ᠶᠢᠨ ᠵᠠᠭᠠᠭ  ᠢ 0%38 ᠲᠦᠮᠡᠨ ᠲᠡᠭᠰᠢ ᠳᠥᠷᠪᠡᠯᠵᠢᠨ ᠺᠢᠯᠤᠮᠧᠲᠷ ᠠᠩᠬ᠎ᠠ ᠠᠯᠬᠤᠮ ᠬᠤᠪᠢᠶᠠᠷᠢᠯᠠᠨ ᠲᠤᠬᠳᠠᠭᠠᠪᠠ᠃ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠠᠵᠤ ᠦᠢᠯᠡᠰ ᠤᠨ ᠪᠠᠶᠢᠷᠢᠰᠢᠯ ᠪᠠ ᠠᠮᠢ ᠠᠬᠤᠢ ᠶᠢᠨ ᠰᠡᠷᠭᠦᠭᠡᠯᠲᠡ ᠶᠢ ᠵᠣᠬᠢᠴᠠᠭᠤᠯᠤᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠤᠯᠤᠨ ᠡᠯ᠎ᠡ ᠲᠥᠷᠥᠯ ᠤᠨ ᠲᠤᠰᠬᠠᠢ ᠵᠦᠢᠯ ᠤᠨ ᠲᠥᠯᠦᠪᠵᠢᠭᠦᠯᠭᠡ ᠳᠤ ᠲᠣᠭᠲᠠᠭᠠᠭᠰᠠᠨ ᠴᠢᠬᠤᠯᠠ ᠶᠡᠭᠡ ᠲᠥᠷᠥᠯ ᠵᠦᠢᠯ ᠢ ᠲᠥᠯᠦᠪᠵᠢᠭᠦᠯᠭᠡ ᠶᠢᠨ ᠨᠠᠷᠢᠨ ᠬᠠᠭᠤᠳᠠᠰᠤᠨ ᠳᠤ ᠵᠢᠭᠰᠠᠭᠠᠨ ᠣᠷᠣᠭᠤᠯᠵᠤ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠠᠳᠤᠯᠠᠪᠠ᠃ ᠣᠷᠣᠨ ᠬᠤᠪᠢᠶᠠᠵᠤ ᠂ ᠲᠥᠷᠥᠯ ᠬᠤᠪᠢᠶᠠᠬᠤ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠨ ᠡᠵᠡᠮᠳᠡᠬᠦ ᠵᠠᠷᠴᠢᠮ ᠢ ᠲᠣᠳᠣᠷᠬᠠᠶᠢᠯᠠᠬᠤ ᠪᠠᠷ ᠳᠠᠮᠵᠢᠭᠤᠯᠤᠨ᠂ ᠬᠤᠲᠠ ᠪᠠᠯᠭᠠᠰᠤ ᠶᠢᠨ ᠡᠮᠬᠢ ᠵᠢᠷᠤᠮ ᠦᠭᠡᠢ ᠪᠠᠷ ᠥᠷᠭᠡᠳᠬᠦ ᠶᠢ ᠬᠤᠷᠢᠭᠯᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠳᠠᠯᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠬᠯᠠᠪᠠ᠃ ᠠᠮᠢ ᠠᠬᠤᠢ ᠶᠢᠨ ᠣᠷᠴᠢᠨ ᠨᠥᠬᠦᠴᠡᠯ ᠤᠨ ᠮᠠᠭᠤᠳᠠᠯ ᠤᠨ ᠪᠦᠰᠡ᠂ ᠴᠡᠭ ᠪᠠᠶᠢᠷᠢ᠂ ᠣᠷᠣᠨ ᠬᠡᠰᠡᠭ ᠢ ᠵᠠᠰᠠᠨ ᠰᠡᠷᠭᠦᠭᠡᠬᠦ ᠬᠦᠷᠢᠶ᠎ᠡ ᠬᠡᠪᠴᠢᠶ᠎ᠡ ᠶᠢ ᠲᠣᠳᠣᠷᠬᠠᠢ ᠪᠣᠯᠭᠠᠵᠤ᠂ ᠠᠭᠤᠯᠠ ᠤᠰᠤ᠂ ᠤᠢ ᠰᠢᠭᠤᠢ᠂ ᠲᠠᠷᠢᠶᠠᠨ ᠭᠠᠵᠠᠷ᠂ ᠨᠠᠭᠤᠷ ᠴᠥᠭᠦᠷᠥᠮ᠂ ᠡᠪᠡᠰᠦ ᠡᠯᠡᠰᠦ ᠶᠢ ᠰᠢᠰᠲ᠋ᠧᠮ ᠲᠠᠢ ᠪᠠᠷ ᠵᠠᠰᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠬᠦᠯᠪᠡ᠃ ᠠᠭᠤᠷᠬᠠᠢ ᠶᠢᠨ ᠠᠮᠢ ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ ᠶᠢ ᠠᠬᠢᠭᠤᠯᠵᠤ ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠳᠤ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠠᠮᠢ ᠠᠬᠤᠢ ᠶᠢᠨ ᠪᠣᠯᠪᠠᠰᠤᠨ ᠤ ᠬᠠᠮᠠᠭᠠᠯᠠᠯᠲᠠ ᠶᠢᠨ ᠰᠢᠨ᠎ᠡ ᠪᠠᠶᠢᠷᠢᠰᠢᠯ ᠢ ᠢᠳᠡᠪᠬᠢᠲᠡᠢ ᠪᠠᠶᠢᠭᠤᠯᠤᠬᠰᠠᠨ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号