ᠬᠢᠩᠭᠠᠨ ᠠᠶᠢᠮᠠᠭ᠄ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠰᠢᠨ᠎ᠡ ᠡᠭᠦᠷᠭᠡ ᠬᠠᠷᠢᠭᠤᠴᠠᠯᠭ᠎ᠠ  ᠪᠠᠨ ᠢᠳᠡᠪᠬᠢᠲᠠᠢ ᠡᠭᠦᠷᠭᠡᠯᠡᠵᠦ  ᠢᠷᠡᠭᠡᠳᠦᠢ ᠶᠢᠨ ᠰᠢᠨ᠎ᠡ ᠬᠦᠰᠡᠯ ᠢᠶᠠᠨ ᠴᠢᠷᠮᠠᠶᠢᠨ  ᠪᠡᠶᠡᠯᠡᠭᠦᠯᠦᠶ᠎ᠡ
ᠨᠡᠶᠢᠲᠡᠯᠡᠭᠰᠡᠨ ᠴᠠᠭ᠄
2022/4/27
     ᠵᠠᠰᠠᠪᠤᠷᠢ ᠤᠷᠤᠭᠤᠯᠤᠭᠰᠠᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ︾ 2021ᠤᠨ ᠤ 6 ᠳ᠋ᠤᠭᠠᠷ ᠰᠠᠷ᠎ᠠ ᠶᠢᠨ 1 ᠤ ᠡᠳᠦᠷ  ᠵᠢᠩᠭᠢᠨᠢ ᠪᠠᠷ  ᠬᠡᠷᠡᠭᠵᠢᠭᠦᠯᠦᠭᠳᠡᠪᠡ᠃ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠴᠢᠬᠤᠯᠠᠴᠢᠯᠠᠵᠤ᠂ ︽ᠬᠦᠮᠦᠨ ᠢᠶᠠᠷ ᠦᠨᠳᠦᠰᠦ ᠪᠤᠯᠭᠠᠬᠤ᠂ ᠵᠠᠰᠠᠭ ᠤᠨ ᠤᠷᠳᠤᠨ ᠭᠤᠤᠯᠯᠠᠬᠤ᠂ ᠠᠷᠠᠳ ᠤᠨ ᠶᠠᠪᠤᠳᠠᠯ ᠲᠠᠭᠠᠭᠤᠯᠬᠤ᠂  ᠰᠠᠯᠠᠭ᠎ᠠ ᠮᠦᠴᠢᠷ ᠬᠤᠯᠪᠤᠭᠠᠯᠠᠬᠤ᠂ ᠨᠡᠶᠢᠭᠡᠮ  ᠤᠨ ᠡᠯ᠎ᠡ ᠡᠳᠡᠭᠡᠳ ᠤᠷᠤᠯᠴᠠᠬᠤ︾ ᠬᠠᠶᠢᠷ᠎ᠠ ᠬᠠᠯᠠᠮᠵᠢ ᠶᠢᠨ ᠵᠠᠭᠪᠤᠷ ᠢ ᠪᠠᠷᠢᠮᠳᠠᠯᠠᠵᠤ᠂ ᠠᠷᠭ᠎ᠠ ᠰᠦᠪᠡᠭᠴᠢᠯᠡᠬᠦ᠂ ᠨᠢᠭᠡᠳᠦᠯᠳᠡᠢ ᠲᠤᠬᠢᠷᠠᠭᠤᠯᠬᠤ᠂  ᠪᠦᠬᠦᠯᠢ ᠴᠤᠭᠴᠠ ᠪᠠᠷ  ᠠᠬᠢᠭᠤᠯᠬᠤ ᠶᠢ ᠴᠢᠩᠭᠠᠳᠬᠠᠨ᠂ ᠠᠶᠢᠮᠠᠭ᠂ ᠬᠤᠰᠢᠭᠤ᠂ ᠰᠢᠶᠠᠩ᠂ ᠲᠤᠰᠬᠤᠨ ᠲᠦᠷᠪᠡᠨ ᠲᠡᠰ ᠬᠤᠯᠪᠤᠭᠠᠯᠠᠭᠰᠠᠨ  ᠬᠡᠤᠬᠡᠳ ᠢ ᠬᠠᠶᠢᠷᠠᠯᠠᠨ ᠬᠠᠯᠠᠮᠵᠢᠯᠠᠬᠤ ᠲᠤᠤᠷ ᠢ  ᠪᠦᠷᠢᠯᠳᠦᠭᠦᠯᠪᠡ᠃     ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ    ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠲᠤᠭᠳᠠᠴᠠ ᠶᠢ ᠪᠠᠶᠢᠭᠤᠯᠪᠠ     ᠪᠦᠬᠦ ᠠᠶᠢᠮᠠᠭ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ᠂ ᠤᠯᠠᠨ ᠲᠠᠪᠬᠤᠷᠭ᠎ᠠ ᠪᠠᠷ ᠠᠬᠢᠭᠤᠯᠬᠤ ᠶᠢᠨ ᠲᠦᠯᠦᠭᠡ᠂ 2021  ᠤᠨ ᠳᠤ ᠬᠢᠩᠭᠠᠨ ᠠᠶᠢᠮᠠᠭ ᠤᠨ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠲᠠᠷᠤᠭ᠎ᠠ ᠪᠠᠷ ᠲᠤᠭᠤᠶᠢᠯᠠᠩ ᠤᠨ ᠲᠠᠷᠤᠭ᠎ᠠ ᠪᠤᠯᠭᠠᠬᠰᠠᠨ᠂ ᠠᠷᠠᠳ ᠤᠨ ᠶᠠᠪᠤᠳᠠᠯ᠂ ᠰᠤᠷᠭᠠᠨ ᠬᠦᠮᠦᠵᠢᠯ᠂ ᠬᠠᠤᠯᠢ ᠴᠠᠭᠠᠵᠠ  ᠵᠡᠷᠭᠡ  ᠰᠠᠯᠠᠭ᠎ᠠ ᠮᠦᠴᠢᠷ ᠵᠡᠷᠬᠡ  ᠪᠠᠷ ᠠᠳᠬᠤᠵᠤ᠂ ᠬᠠᠮᠳᠤ ᠪᠠᠷ ᠬᠠᠮᠢᠶᠠᠷᠤᠭᠰᠠᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠠᠶᠢᠮᠠᠭ ᠤᠨ ᠵᠠᠬᠢᠷᠭ᠎ᠠ ᠲᠤᠭᠳᠠᠭᠰᠠᠨ ᠬᠤᠭᠤᠴᠠᠭᠠᠨ ᠳᠤ ᠬᠤᠷᠠᠯ  ᠬᠤᠷᠠᠯᠳᠤᠭᠤᠯᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠰᠤᠳᠤᠯᠤᠨ  ᠪᠠᠶᠢᠷᠢᠯᠠᠭᠤᠯᠵᠤ᠂ ᠨᠢᠭᠡᠳᠦᠯᠲᠡᠢ ᠠᠬᠢᠭᠤᠯᠤᠭᠠᠳ᠂ ᠬᠤᠭᠤᠷᠤᠨᠳᠤ ᠪᠠᠨ ᠨᠡᠪᠳᠡᠷᠡᠭᠰᠡᠨ᠂ ᠦᠨᠳᠦᠷ ᠪᠦᠳᠦᠮᠵᠢᠲᠠᠢ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠭᠦᠯᠦᠭᠰᠡᠨ ᠶᠤᠮ᠃ ᠨᠠᠰᠤᠨ ᠳᠤ ᠦᠯᠦ ᠬᠦᠷᠦᠭᠰᠡᠳ ᠢ ︽ᠵᠠᠰᠠᠭ ᠤᠨ ᠤᠷᠳᠤᠨ ᠬᠠᠮᠠᠭᠠᠯᠠᠬᠤ︾ ᠶᠢ ᠬᠡᠷᠡᠭᠵᠢᠭᠦᠯᠬᠦ  ᠲᠠᠯ᠎ᠠ ᠪᠠᠷ ᠰᠢᠨ᠎ᠡ ᠠᠬᠢᠯᠳᠠ ᠲᠠᠢ ᠪᠤᠯᠪᠠ᠃ ᠬᠤᠰᠢᠭᠤ ᠰᠢᠶᠠᠨ ᠳᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠦᠪ  ᠪᠠᠶᠢᠭᠤᠯᠵᠤ᠂ ᠰᠢᠶᠠᠩ ᠪᠠᠯᠭᠠᠰᠤᠨ ᠤ ᠵᠡᠭᠡᠯᠢ ᠭᠤᠳᠤᠮᠵᠢ ᠪᠦᠬᠦᠨ ᠳᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠦᠷᠳᠡᠭᠡ ᠪᠦᠷᠬᠦᠬᠦᠯᠬᠦ ᠶᠢ ᠠᠬᠢᠭᠤᠯᠤᠨ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ︽ᠲᠠᠯᠠᠪᠤᠷ ᠲᠠᠢ᠂ ᠠᠵᠢᠯᠳᠠᠨ ᠲᠠᠢ᠂ ᠴᠢᠳᠠᠪᠤᠷᠢ ᠲᠠᠢ᠂ ᠲᠦᠷᠢᠮ ᠲᠠᠢ᠂ ᠠᠵᠢᠯᠯᠠᠭ᠎ᠠ ᠲᠠᠢ︾ ᠪᠠᠶᠢᠬᠤ ᠶᠢ  ᠪᠡᠶᠡᠯᠡᠭᠦᠯᠵᠦ ᠴᠢᠳᠠᠵᠠᠢ᠃ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠵᠦ ᠠᠰᠠᠷᠠᠮᠵᠢ ᠶᠢᠨ ᠪᠠᠳᠤᠯᠠᠭ᠎ᠠ ᠶᠢᠨ ᠰᠢᠰᠲ᠋ᠧᠮ ᠢ ᠪᠠᠬᠢᠵᠢᠬᠦᠯᠪᠡ     2022 ᠤᠨ ᠳᠤ ᠪᠦᠬᠦ ᠠᠶᠢᠮᠠᠭ ᠤᠨ ᠦᠨᠦᠴᠢᠨ ᠬᠡᠤᠬᠡᠳ ᠲᠤ ᠤᠯᠭᠤᠬᠤ ᠦᠨᠳᠦᠰᠦᠨ ᠠᠮᠢᠳᠤᠷᠠᠯ ᠤᠨ ᠪᠠᠳᠤᠯᠠᠭ᠎ᠠ ᠶᠢᠨ ᠮᠦᠩᠭᠦ ᠪᠤᠯᠤᠨ ᠪᠤᠳᠠᠳᠠᠢ ᠠᠷᠠᠴᠢᠯᠠᠨ ᠲᠡᠵᠢᠭᠡᠬᠦ ᠬᠦᠮᠦᠨ ᠦᠭᠡᠢ ᠬᠡᠤᠬᠡᠳ ᠲᠤ ᠤᠯᠭᠤᠬᠤ ᠦᠨᠳᠦᠰᠦᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠪᠠᠨ ᠲᠡᠭᠡᠭᠰᠢᠯᠡᠭᠦᠯᠦᠭᠰᠡᠨ ᠪᠠᠶᠢᠨ᠎ᠠ᠃ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠢᠩᠭᠠᠨ ᠠᠶᠢᠮᠠᠭ ᠤᠨ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠦᠨᠦᠴᠢᠨ ᠬᠡᠤᠬᠡᠳ ᠢ ᠠᠷᠠᠴᠢᠯᠠᠨ ᠲᠡᠵᠢᠭᠡᠬᠦ ᠦᠨᠳᠦᠰᠦᠨ ᠠᠮᠢᠳᠤᠷᠠᠯ ᠤᠨ ᠪᠠᠳᠤᠯᠠᠭ᠎ᠠ ᠶᠢ ᠬᠦᠮᠦᠨ ᠪᠦᠷᠢ ᠰᠠᠷ᠎ᠠ ᠳᠤ 1844 ᠲᠦᠭᠦᠷᠢᠭ ᠪᠠᠶᠢᠭᠰᠠᠨ ᠠᠴᠠ ᠪᠠᠨ 2030 ᠲᠦᠭᠦᠷᠢᠭ ᠪᠤᠯᠭᠠᠪᠠ᠂ ᠲᠠᠷᠬᠠᠢ ᠰᠠᠭᠤᠷᠢᠰᠢᠵᠦ ᠪᠠᠶᠢᠭ᠎ᠠ ᠦᠨᠦᠴᠢᠨ ᠬᠡᠤᠬᠡᠳ ᠪᠤᠯᠤᠨ ᠪᠤᠳᠠᠳᠠᠢ ᠠᠷᠠᠴᠢᠯᠠᠨ ᠲᠡᠵᠢᠭᠡᠬᠦ ᠬᠦᠮᠦᠨ ᠦᠭᠡᠢ ᠬᠡᠤᠬᠡᠳ ᠤᠨ ᠦᠨᠳᠦᠰᠦᠨ ᠠᠮᠢᠳᠤᠷᠠᠯ ᠤᠨ ᠨᠦᠬᠦᠪᠦᠷᠢ ᠶᠢ ᠬᠦᠮᠦᠨ ᠪᠦᠷᠢ ᠰᠠᠷ᠎ᠠ ᠳᠤ  1507  ᠲᠦᠭᠦᠷᠢᠭ ᠪᠠᠶᠢᠭᠰᠠᠨ ᠠᠴᠠ  ᠪᠠᠨ 1760  ᠲᠦᠭᠦᠷᠢᠭ ᠪᠤᠯᠭᠠᠪᠠ᠃  ᠦᠨᠦᠴᠢᠨ ᠬᠡᠤᠬᠡᠳ ᠪᠤᠯᠤᠨ ᠪᠤᠳᠠᠳᠠᠢ ᠠᠷᠠᠴᠢᠯᠠᠨ ᠲᠡᠵᠢᠭᠡᠬᠦ  ᠬᠦᠮᠦᠨ ᠦᠭᠡᠢ ᠬᠡᠤᠬᠡᠳ  ᠤᠨ ᠠᠮᠢᠳᠤᠷᠠᠯ ᠤᠨ ᠨᠦᠬᠦᠪᠦᠷᠢ ᠶᠢ ᠲᠠᠷᠬᠠᠭᠠᠬᠤ ᠠᠵᠢᠯ ᠢ  ᠨᠢᠮᠪᠠᠢ ᠬᠡᠷᠡᠭᠵᠢᠭᠦᠯᠵᠦ᠂ ᠪᠡᠯᠡ ᠮᠦᠩᠭᠦ  ᠶᠢ ᠴᠠᠭ ᠲᠤᠬᠠᠢ ᠳᠤ ᠨᠢ᠂ ᠤᠨᠤᠴᠢᠲᠠᠢ᠂ ᠲᠡᠰ ᠲᠠᠷᠠᠭ᠎ᠠ ᠲᠠᠢ  ᠲᠠᠷᠬᠠᠭᠠᠬᠤ ᠶᠢ  ᠪᠠᠳᠤᠯᠠᠪᠠ᠃ ᠤᠳᠤᠬᠠᠨ ᠳᠤ  139  ᠦᠨᠦᠴᠢᠨ ᠬᠡᠤᠬᠡᠳ᠂ 310 ᠪᠤᠳᠠᠳᠠᠢ ᠠᠷᠠᠴᠢᠯᠠᠨ ᠲᠡᠵᠢᠭᠡᠬᠦ  ᠬᠦᠮᠦᠨ ᠦᠭᠡᠢ ᠬᠡᠤᠬᠡᠳ ᠲᠤ  ᠨᠡᠶᠢᠳᠡ 195.6 ᠲᠦᠮᠡᠨ ᠲᠦᠭᠦᠷᠢᠭ  ᠤᠨ ᠠᠮᠢᠳᠤᠷᠠᠯ ᠤᠨ ᠨᠦᠬᠦᠪᠦᠷᠢ  ᠲᠠᠷᠬᠠᠭᠠᠪᠠ᠃     ᠰᠢᠯᠢᠳᠡᠭ ᠦᠢᠯᠡᠴᠢᠯᠡᠭᠡᠨ ᠢ ᠡᠭᠦᠳᠴᠦ    ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠨᠠᠷᠢᠯᠢᠭ ᠤᠯᠠᠨ ᠶᠠᠩᠵᠤᠳᠤ ᠴᠢᠨᠠᠷ ᠢ  ᠪᠠᠳᠤᠯᠠᠪᠠ      ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠴᠤ ᠦᠭᠭᠦ ᠪᠠᠶᠢᠭᠤᠯᠤᠯ ᠤᠨ ᠲᠤᠭᠳᠠᠴᠠ ᠶᠢ ᠰᠢᠨᠡᠴᠢᠯᠡᠬᠦ ᠪᠠᠷ ᠢᠳᠡᠪᠬᠢᠲᠡᠢ ᠬᠠᠶᠢᠨ ᠰᠦᠪᠡᠭᠴᠢᠯᠡᠪᠡ ᠃ ᠵᠠᠰᠠᠭ ᠤᠨ ᠤᠷᠳᠤᠨ ᠠᠴᠠ ᠦᠢᠯᠡᠴᠢᠯᠡᠭᠡᠨ ᠬᠤᠳᠠᠯᠳᠤᠨ ᠠᠪᠴᠤ ᠦᠭᠭᠦ ᠪᠡᠯᠡ ᠮᠦᠩᠭᠦ ᠶᠢ ᠨᠡᠮᠡᠭᠳᠡᠭᠦᠯᠬᠦ ᠪᠠᠷ ᠲᠠᠮᠵᠢᠨ᠂  ᠤᠷᠢᠳ ᠢᠶᠠᠷ 4 ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢ ᠤᠷᠢᠵᠤ᠂ 50 ᠭᠠᠷᠤᠢ ᠬᠦᠮᠦᠨ ᠢᠶᠠᠷ ᠪᠦᠷᠢᠯᠳᠦᠭᠰᠡᠨ ᠲᠤᠰᠬᠠᠢ ᠨᠡᠶᠢᠭᠡᠮ ᠤᠨ ᠠᠵᠢᠯ ᠤᠨ  ᠲᠤᠭᠤᠶᠢᠯᠠᠩ ᠤᠨ ᠬᠢᠨ ᠬᠦᠴᠢᠷᠳᠡᠯᠳᠡᠢ ᠬᠡᠤᠬᠡᠳ ᠢ ᠭᠡᠷ ᠲᠤ  ᠨᠢ ᠬᠦᠷᠴᠤ ᠰᠤᠷᠪᠤᠯᠵᠢᠯᠠᠬᠤ᠂ ᠲᠦᠷᠦ ᠶᠢᠨ ᠪᠤᠳᠤᠯᠭ᠎ᠠ ᠶᠢ  ᠤᠬᠠᠭᠤᠯᠬᠤ᠂ ᠬᠠᠤᠯᠢ ᠴᠠᠭᠠᠵᠠ ᠶᠢᠨ ᠲᠡᠮᠵᠢᠯᠭᠡ ᠦᠵᠡᠭᠦᠯᠬᠦ᠂ ᠤᠨᠴᠠᠭᠠᠢ ᠵᠢᠱᠢᠶ᠎ᠡ  ᠶᠢ ᠮᠦᠷᠳᠡᠬᠦ᠂   ᠰᠢᠯᠵᠢᠭᠦᠯᠦᠨ ᠲᠠᠨᠢᠯᠴᠠᠭᠤᠯᠵᠤ  ᠦᠢᠯᠡᠴᠢᠯᠡᠬᠦ ᠵᠡᠷᠭᠡ  ᠬᠠᠯᠠᠮᠵᠢ ᠶᠢᠨ ᠦᠢᠯᠡᠴᠢᠯᠡᠭᠡᠨ ᠢ ᠦᠷᠨᠢᠭᠦᠯᠵᠡᠢ᠃ ᠡᠯ᠎ᠡ ᠰᠤᠮᠤ ︵ᠰᠢᠶᠠᠩ ᠪᠠᠯᠭᠠᠰᠤ︶ ᠂ ᠵᠡᠭᠡᠯᠢ ᠭᠤᠳᠤᠮᠵᠢ   ᠳᠤ ᠲᠤᠰᠬᠠᠢ ᠬᠡᠤᠬᠡᠳ ᠤᠨ ᠬᠢᠨᠠᠨ ᠵᠢᠯᠤᠭᠤᠳᠤᠭᠴᠢ ᠲᠤᠬᠢᠷᠠᠭᠤᠯᠵᠤ᠂  ᠡᠯ᠎ᠡ ᠭᠠᠴᠠᠭ᠎ᠠ  ︵ᠲᠤᠰᠬᠤᠨ︶   ᠳᠤ ᠬᠡᠤᠬᠡᠳ ᠤᠨ ᠡᠷᠬᠢᠯᠡᠭᠴᠢ ᠲᠤᠬᠢᠷᠠᠭᠤᠯᠵᠤ᠂ 《 4+2 》 ᠤᠨ ᠬᠡᠤᠬᠡᠳ ᠢ ᠬᠠᠯᠠᠮᠵᠢᠯᠠᠬᠤ ᠴᠢᠳᠠᠪᠤᠷᠢᠳᠠᠨ ᠤ ᠡᠩᠨᠡᠭᠡ ᠶᠢ  ᠢᠳᠡᠭ ᠢᠳᠡᠭ ᠢᠶᠠᠷ ᠪᠦᠷᠢᠯᠳᠤᠬᠦᠯᠦᠭᠰᠡᠨ ᠤ ᠬᠠᠮᠳᠤ ᠪᠦᠬᠦ ᠠᠶᠢᠮᠠᠭ ᠤᠨ ᠭᠡᠷ ᠲᠤ ᠪᠠᠨ ᠬᠤᠴᠤᠷᠤᠭᠰᠠᠨ ᠬᠡᠤᠬᠡᠳ ᠪᠤᠯᠤᠨ  ᠬᠦᠴᠢᠷᠳᠡᠯᠳᠡᠢ ᠬᠡᠤᠬᠡᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠤᠯᠪᠠᠰᠤᠷᠠᠯ ᠤᠨ ᠠᠩᠭᠢ ᠶᠢ ᠤᠯᠠᠨ ᠤᠳᠠᠭ᠎ᠠ ᠡᠷᠬᠢᠯᠡᠵᠦ᠂  ᠬᠡᠤᠬᠡᠳ ᠤᠨ ᠠᠰᠠᠷᠠᠮᠵᠢ ᠶᠢᠨ ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ᠂ ᠬᠡᠤᠬᠡᠳ ᠤᠨ ᠬᠢᠨᠠᠨ ᠵᠢᠯᠤᠭᠤᠳᠤᠭᠴᠢ ᠡᠭᠦᠷᠭᠡ ᠬᠠᠷᠢᠭᠤᠴᠠᠯᠭ᠎ᠠ ᠪᠠᠨ  ᠬᠡᠷᠬᠢᠨ ᠬᠦᠢᠴᠡᠳᠭᠡᠬᠦ᠂ ᠬᠡᠤᠬᠡᠳ ᠢ ᠬᠠᠶᠢᠷᠠᠯᠠᠨ ᠬᠠᠯᠠᠮᠵᠢᠯᠠᠵᠤ ᠬᠠᠮᠠᠭᠠᠯᠠᠬᠤ ᠮᠡᠳᠡᠯᠭᠡ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠨᠠᠷᠢᠨ ᠲᠠᠶᠢᠯᠪᠤᠷᠢᠯᠠᠨ᠂ ᠬᠡᠤᠬᠡᠳ ᠤᠨ ᠦᠢᠯᠡᠴᠢᠯᠡᠭᠡᠨ ᠤ ᠲᠤᠰᠬᠠᠶᠢᠵᠢᠭᠰᠠᠨ᠂  ᠨᠠᠷᠢᠯᠢᠭ᠂ ᠦᠪᠡᠷᠮᠢᠴᠡ ᠬᠦᠭᠵᠢᠯᠳᠡ ᠶᠢ  ᠠᠬᠢᠭᠤᠯᠤᠭᠰᠠᠨ ᠪᠠᠶᠢᠨ᠎ᠠ᠃    ᠰᠠᠯᠠᠭ᠎ᠠ ᠮᠦᠴᠢᠷ ᠤᠨ  ᠬᠠᠮᠳᠤᠷᠠᠯ ᠬᠦᠴᠦᠨ ᠢᠶᠠᠨ ᠪᠠᠳᠠᠷᠠᠭᠤᠯᠵᠤ ᠡᠮᠡᠭᠳᠡᠶᠢᠴᠦᠳ ᠬᠡᠤᠬᠡᠳ ᠢ ᠬᠠᠯᠠᠮᠵᠢᠯᠠᠨ  ᠬᠠᠮᠠᠭᠠᠯᠠᠪᠠ    ᠬᠢᠩᠭᠠᠨ ᠠᠶᠢᠮᠠᠭ ᠤᠨ ᠡᠮᠡᠭᠳᠡᠶᠢᠴᠦᠳ ᠪᠤᠯᠤᠨ ᠨᠠᠰᠤᠨ ᠳᠤ ᠦᠯᠦ ᠬᠦᠷᠦᠭᠰᠡᠳ  ᠢ ᠬᠠᠯᠠᠮᠵᠢᠯᠠᠨ ᠬᠠᠮᠠᠭᠠᠯᠠᠬᠤ ᠲᠦᠪ ᠬᠢᠩᠭᠠᠨ ᠠᠶᠢᠮᠠᠭ ᠤᠨ ᠡᠮᠡᠭᠳᠡᠶᠢᠴᠦᠳ ᠤᠨ ᠬᠤᠯᠪᠤᠭ᠎ᠠ ᠲᠠᠢ ᠬᠤᠯᠪᠤᠭᠠᠯᠠᠨ᠂ ᠭᠡᠷ ᠲᠤ ᠪᠠᠨ ᠬᠤᠴᠤᠷᠤᠭᠰᠠᠨ ᠡᠮᠡᠭᠳᠡᠶᠢᠴᠦᠳ᠂ ᠭᠡᠷ ᠲᠤ ᠪᠠᠨ ᠬᠤᠴᠤᠷᠤᠭᠰᠠᠨ ᠬᠡᠤᠬᠡᠳ ᠪᠤᠯᠤᠨ  ᠬᠦᠴᠢᠷᠳᠡᠯᠳᠡᠢ ᠬᠡᠤᠬᠡᠳ ᠤᠨ ᠪᠤᠳᠠᠳᠤ ᠱᠠᠭᠠᠷᠳᠠᠯᠭ᠎ᠠ ᠠᠴᠠ ᠡᠭᠦᠰᠴᠦ᠂《 ᠬᠠᠶᠢᠷ᠎ᠠ ᠬᠠᠯᠠᠮᠵᠢ ᠡᠪᠦᠷᠯᠡᠵᠦ ᠭᠡᠷ ᠲᠤ ᠪᠠᠨ ᠬᠠᠷᠢᠶ᠎ᠠ》 ᠭᠡᠬᠦ ᠭᠡᠷ ᠲᠤ ᠪᠠᠨ ᠬᠤᠴᠤᠷᠤᠭᠰᠠᠨ ᠡᠮᠡᠭᠳᠡᠶᠢᠴᠦᠳ᠂ ᠭᠡᠷ ᠲᠤ ᠪᠠᠨ ᠬᠤᠴᠤᠷᠤᠭᠰᠠᠨ ᠬᠡᠤᠬᠡᠳ ᠪᠤᠯᠤᠨ ᠬᠦᠴᠢᠷᠳᠡᠯᠳᠡᠢ ᠬᠡᠤᠬᠡᠳ ᠢ ᠬᠠᠯᠠᠮᠵᠢᠯᠠᠬᠤ ᠦᠢᠯᠡᠴᠢᠯᠡᠬᠦ ᠲᠦᠰᠦᠯ ᠢ  ᠬᠠᠮᠳᠤ ᠪᠠᠷ ᠲᠦᠰᠦᠪᠯᠡᠨ  ᠬᠡᠷᠡᠭᠵᠢᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ᠂ ᠰᠡᠳᠭᠢᠴᠡ ᠶᠢᠨ ᠡᠷᠡᠭᠦᠯ ᠮᠡᠨᠳᠦ ᠶᠢᠨ ᠵᠦᠪᠯᠡᠯᠭᠡ ᠦᠭᠬᠦ᠂ ᠨᠡᠶᠢᠭᠡᠮ ᠤᠨ ᠬᠠᠯᠠᠮᠵᠢ ᠶᠢ ᠬᠦᠷᠳᠡᠭᠡᠬᠦ ᠵᠡᠷᠭᠡ《 ᠭᠤᠷᠪᠠᠨ  ᠬᠦᠷᠳᠡᠭᠡᠬᠦ》 ᠪᠠᠷ  ᠲᠠᠮᠵᠢᠨ ᠬᠠᠯᠠᠮᠵᠢᠯᠠᠨ  ᠬᠠᠶᠢᠷᠠᠯᠠᠵᠤ ᠦᠢᠯᠡᠴᠢᠯᠡᠬᠦ ᠶᠢᠨ ᠬᠠᠮᠳᠤ ᠡᠯ᠎ᠡ ᠭᠤᠤᠯ ᠰᠡᠳᠦᠪᠳᠦ ᠠᠵᠢᠯᠯᠠᠭ᠎ᠠ ᠪᠠᠷ ᠠᠴᠢᠶᠠᠯᠠᠭᠴᠢ ᠪᠤᠯᠭᠠᠨ᠂ ᠡᠮᠡᠭᠳᠡᠶᠢᠴᠦᠳ ᠬᠡᠤᠬᠡᠳ ᠤᠨ ᠡᠷᠭᠡ ᠠᠰᠢᠭ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠡᠷ ᠲᠤ ᠪᠠᠨ ᠬᠤᠴᠤᠷᠤᠭᠰᠠᠨ  ᠡᠮᠡᠭᠳᠡᠶᠢᠴᠦᠳ᠂ ᠭᠡᠷ ᠲᠤ  ᠪᠠᠨ ᠬᠤᠴᠤᠷᠤᠭᠰᠠᠨ ᠬᠡᠤᠬᠡᠳ ᠪᠤᠯᠤᠨ ᠬᠦᠴᠢᠷᠳᠡᠯᠳᠡᠢ ᠬᠡᠤᠬᠡᠳ ᠤᠨ  ᠬᠦᠴᠢᠷ ᠵᠤᠪᠠᠯᠠᠩ ᠢ  ᠰᠢᠢᠳᠪᠦᠷᠢᠯᠡᠵᠦ  ᠦᠭᠭᠦᠭᠰᠡᠨ  ᠪᠠᠶᠢᠨ᠎ᠠ᠃ 30  ᠲᠦᠮᠡᠨ‌‍ᠲ᠋ᠦ᠋ᠭᠦᠷᠢᠭ ᠵᠠᠷᠤᠴᠠᠭᠤᠯᠵᠤ 67 ᠤᠳᠠᠭ᠎ᠠ ᠬᠠᠯᠠᠮᠵᠢᠯᠠᠨ ᠬᠠᠶᠢᠷᠠᠯᠠᠬᠤ  ᠠᠵᠢᠯᠯᠠᠭ᠎ᠠ  ᠶᠠᠪᠤᠬᠳᠠᠭᠤᠯᠪᠠ᠂ ᠡᠭᠦᠨ ᠳᠤ ︽ᠬᠠᠤᠯᠢ ᠴᠠᠭᠠᠵᠠ ᠶᠢᠨ ᠦᠢᠯᠡᠴᠢᠯᠡᠭᠡ︾ 50  ᠤᠳᠠᠭ᠎ᠠ ᠬᠠᠨᠭ᠍ᠭᠠᠵᠤ᠂ 10 ᠤᠳᠠᠭ᠎ᠠ ︽ᠰᠡᠳᠭᠢᠴᠡ ᠶᠢᠨ ᠡᠷᠡᠭᠦᠯ  ᠮᠡᠨᠳᠦ ᠶᠢᠨ ᠵᠦᠪᠯᠡᠯᠡᠭᠡ︾ ᠦᠭᠴᠤ᠂ 50 ᠭᠡᠷ ᠲᠤ ᠪᠠᠨ ᠬᠤᠴᠤᠷᠤᠭᠰᠠᠨ ᠡᠮᠡᠭᠳᠡᠶᠢᠴᠦᠳ ᠪᠠ 150  ᠭᠡᠷ ᠲᠤ ᠪᠠᠨ ᠬᠤᠴᠤᠷᠤᠭᠰᠠᠨ ᠬᠡᠤᠬᠡᠳ ᠪᠠ ᠬᠦᠴᠢᠷᠳᠡᠯᠳᠡᠢ ᠬᠡᠤᠬᠡᠳ ᠢ ︽ᠨᠡᠶᠢᠭᠡᠮ ᠤᠨ ᠬᠠᠶᠢᠷ᠎ᠠ ᠬᠠᠯᠠᠮᠵᠢ ᠬᠦᠷᠳᠡᠭᠡᠵᠦ︾ ᠲᠤᠬᠤᠨᠢᠭᠤᠯᠵᠤ᠂ 7  ᠤᠳᠠᠭ᠎ᠠ  ᠭᠤᠤᠯ ᠰᠡᠳᠦᠪᠳᠦ ᠠᠵᠢᠯᠯᠠᠭ᠎ᠠ ᠦᠷᠨᠢᠭᠦᠯᠵᠦ᠂ ︽ᠨᠠᠰᠤᠨ ᠳᠤ ᠦᠯᠦ ᠬᠦᠷᠦᠭᠰᠡᠳ ᠢ  ᠬᠠᠮᠠᠭᠠᠯᠠᠬᠤ ᠬᠠᠤᠯᠢ︾᠂ ︽  ᠭᠡᠷ  ᠪᠦᠯᠢ ᠶᠢᠨ ᠬᠦᠮᠦᠵᠢᠯ ᠢ ᠠᠬᠢᠭᠤᠯᠬᠤ ᠬᠠᠤᠯᠢ︾᠂ ︽ᠭᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ ᠬᠠᠤᠯᠢ︾ ᠵᠡᠷᠭᠡ ᠤᠬᠠᠭᠤᠯᠬᠤ ᠮᠠᠲ᠋ᠧᠷᠢᠶᠠᠯ ᠢ  ᠵᠤᠬᠢᠶᠠᠨ 2 ᠲᠦᠮᠡᠨ ᠬᠤᠪᠢ  ᠲᠠᠷᠬᠠᠭᠠᠵᠤ᠂  ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠦᠷᠭᠡᠨ ᠲᠡᠯᠭᠡᠷ  ᠤᠬᠠᠭᠤᠯᠤᠭᠠᠳ᠂ 3000  ᠬᠦᠮᠦᠨ ᠠᠰᠢᠭ ᠬᠦᠷᠳᠡᠬᠡᠪᠡ᠃    ᠤᠬᠠᠭᠤᠯᠤᠨ  ᠬᠦᠮᠦᠵᠢᠭᠦᠯᠬᠦ ᠪᠠᠨ ᠬᠦᠨᠵᠡᠭᠡᠶᠢᠷᠡᠭᠦᠯᠵᠦ   ᠬᠡᠤᠬᠡᠳ ᠤᠨ ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠳᠤ ᠬᠦᠴᠦᠨ  ᠨᠡᠮᠡᠷᠢᠯᠡᠪᠡ    ᠤᠬᠠᠭᠤᠯᠭ᠎ᠠ ᠶᠢ ᠲᠤᠰᠬᠤᠨ᠂ ᠰᠤᠷᠭᠠᠭᠤᠯᠢ᠂ ᠨᠡᠶᠢᠭᠡᠮ ᠲᠤᠭᠤᠷᠢᠭ ᠲᠤ ᠬᠦᠷᠬᠡᠬᠦ ᠶᠢ ᠢᠳᠡᠪᠬᠢᠲᠠᠢ ᠠᠬᠢᠭᠤᠯᠵᠤ ᠂ ᠸᠢᠳᠢᠤ᠋ ᠂ ᠡᠯᠭᠦᠭᠡ ᠪᠢᠴᠢᠭᠡᠰᠦ᠂ ᠤᠬᠠᠭᠤᠯᠬᠤ ᠲᠡᠪᠳᠡᠷ ᠲᠠᠷᠬᠠᠭᠠᠬᠤ ᠪᠠᠷ ᠲᠠᠮᠵᠢᠨ᠂ ᠬᠡᠤᠬᠡᠳ ᠪᠠ ᠬᠠᠷᠠᠭᠠᠯᠵᠠᠨ ᠬᠠᠮᠠᠭᠠᠯᠠᠭᠴᠢ ᠳᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ  ᠬᠠᠮᠢᠶ᠎ᠠ  ᠪᠦᠬᠦᠢ ᠬᠠᠤᠯᠢ ᠴᠠᠭᠠᠵᠠ ᠬᠠᠤᠯᠢ ᠲᠦᠷᠢᠮ ᠢ ᠤᠬᠠᠭᠤᠯᠤᠨ ᠂ ᠤᠯᠠᠨ ᠲᠦᠮᠡᠨ ᠤ ᠲᠦᠷᠦ ᠶᠢᠨ ᠪᠤᠳᠤᠯᠭ᠎ᠠ ᠶᠢ ᠤᠶᠢᠯᠠᠭᠠᠨ ᠡᠵᠡᠮᠰᠢᠬᠦ ᠬᠡᠮᠵᠢᠶ᠎ᠡ ᠶᠢ ᠲᠡᠭᠡᠭᠰᠢᠯᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠡᠴᠢᠭᠡ ᠡᠬᠡ ᠬᠠᠷᠠᠭᠠᠯᠵᠠᠨ ᠬᠠᠮᠠᠭᠠᠯᠠᠬᠤ  ᠡᠭᠦᠷᠭᠡ ᠬᠠᠷᠢᠭᠤᠴᠠᠯᠭ᠎ᠠ ᠪᠠᠨ ᠰᠠᠶᠢᠨ ᠲᠤᠷ᠎ᠠ ᠠᠴᠠ  ᠪᠠᠨ  ᠭᠦᠢᠴᠡᠳᠭᠡᠵᠦ᠂ ᠬᠠᠷᠠᠭᠠᠯᠵᠠᠨ ᠬᠠᠮᠠᠭᠠᠯᠠᠬᠤ  ᠴᠢᠳᠠᠪᠤᠷᠢ ᠪᠠᠨ ᠲᠡᠭᠡᠭᠰᠢᠯᠡᠬᠦᠯᠬᠦ ᠳᠤ ᠰᠠᠶᠢᠳᠤᠷ ᠦᠢᠯᠡᠴᠢᠯᠡᠪᠡ᠃ ᠭᠡᠷ ᠲᠤ ᠪᠠᠨ ᠬᠤᠴᠤᠷᠤᠭᠰᠠᠨ ᠬᠡᠤᠬᠡᠳ ᠤᠨ ᠭᠤᠳᠤᠷᠠᠬᠤ᠂ ᠠᠮᠢᠳᠤᠷᠠᠯ ᠨᠢ ᠡᠮᠬᠢ  ᠵᠢᠷᠦᠮ ᠦᠭᠡᠢ᠂ ᠰᠤᠷᠤᠯᠭ᠎ᠠ  ᠳᠤ ᠪᠠᠨ ᠢᠳᠡᠪᠬᠢᠲᠡᠢ   ᠦᠭᠡᠢ᠂  ᠪᠡᠶ᠎ᠡ ᠪᠠᠨ ᠪᠠᠷᠢᠬᠤ ᠴᠢᠳᠠᠪᠤᠷᠢ  ᠪᠠᠷ ᠠᠨᠠᠢ  ᠵᠡᠷᠭᠡ ᠠᠰᠠᠭᠤᠳᠠᠯ ᠳᠤ ᠴᠢᠭᠯᠡᠭᠦᠯᠵᠦ᠂  ᠲᠡᠳᠬᠦᠬᠦ᠂ ᠪᠤᠯᠭᠤᠭᠠᠨ  ᠲᠤᠬᠤᠨᠢᠭᠤᠯᠬᠤ᠂ ᠵᠤᠭᠤᠬᠳᠠᠬᠤ᠂  ᠬᠠᠯᠠᠮᠵᠢᠯᠠᠬᠤ ᠵᠡᠷᠭᠡ ᠠᠵᠢᠯᠯᠠᠭ᠎ᠠ ᠦᠷᠨᠢᠭᠦᠯᠵᠦ᠂ ᠲᠡᠳᠡᠨ ᠳᠤ ᠰᠡᠳᠭᠢᠴᠡ ᠶᠢᠨ ᠡᠷᠡᠭᠦᠯ ᠮᠡᠨᠳᠦ ᠶᠢᠨ ᠵᠦᠪᠯᠡᠯᠭᠡ  ᠬᠠᠩᠭᠠᠬᠤ ᠂ ᠬᠠᠤᠯᠢ ᠴᠠᠭᠠᠵᠠ ᠶᠢᠨ ᠬᠦᠮᠦᠵᠢᠯ ᠬᠦᠷᠳᠡᠭᠡᠬᠦ ᠵᠡᠷᠭᠡ  ᠬᠠᠪᠰᠤᠷᠤᠯᠭ᠎ᠠ ᠦᠵᠡᠭᠦᠯᠦᠨ ᠂ ᠬᠡᠤᠬᠡᠳ ᠲᠤ ᠨᠠᠮ ᠵᠠᠰᠠᠭ ᠪᠤᠯᠤᠨ ᠨᠡᠶᠢᠭᠡᠮ ᠨᠡᠶᠢᠳᠡ ᠶᠢᠨ ᠬᠠᠯᠠᠭᠤᠨ ᠲᠤᠯᠠᠭᠠᠨ  ᠢ ᠬᠦᠢᠴᠡᠳ ᠬᠦᠷᠳᠡᠬᠡᠪᠡ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号