ᠮᠠᠨ ᠤ ᠲᠢᠩᠬᠢᠮ ᠪᠥᠬᠦ ᠣᠷᠣᠨ  ᠤ ᠠᠷᠠᠳ ᠤᠨ ᠶᠠᠪᠤᠳᠠᠯ ᠤᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠢ ᠲᠠᠬᠢᠨᠳᠠ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/4/27
    4 ᠰᠠᠷ᠎ᠠ ᠶᠢᠨ 20 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ︽ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠦᠯ︾ ᠢ  ᠬᠡᠪᠯᠡᠨ  ᠲᠠᠷᠬᠠᠭᠠᠵᠤ᠂ ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠰᠢ ᠶᠢᠨ ᠫᠢᠡᠭ  ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠠᠶᠤᠯᠭᠦᠶ ᠦᠢᠯᠡᠳᠪᠦᠷᠢᠯᠡᠯ ᠤᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸ᠋ᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠣᠯᠤᠨ ᠠᠷᠠᠳ ᠤᠨ ᠶᠠᠪᠤᠳᠠᠯ ᠤᠨ ᠶᠠᠮᠤᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠭᠦᠨᠵᠡᠭᠡᠢ ᠥᠷᠨᠢᠭᠦᠯᠵᠦ᠂ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠭᠡᠮ ᠰᠣᠭᠤᠭ ᠢ ᠠᠷᠢᠯᠭᠠᠬᠤ᠂ ᠠᠳᠡᠯ ᠢ ᠬᠤᠷᠢᠭᠯᠠᠬᠤ᠂ ᠠᠮᠤᠷ ᠲᠦᠪᠰᠢᠨ ᠢ ᠪᠠᠲᠤᠯᠠᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠨᠡᠩ ᠲᠣᠭᠲᠠᠭᠤᠨ ᠠᠶᠤᠯᠭᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ  ᠭᠡᠵᠣ  ᠱᠠᠭᠠᠷᠳᠠᠵᠠᠢ᠃    ᠲᠥᠰᠦᠯ ᠳᠤ ᠲᠣᠳᠣᠷᠬᠠᠶ ᠲᠣᠭᠲᠠᠭᠠᠭᠰᠠᠨ ᠨᠢ᠂ ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ  ᠬᠡᠪᠴᠢᠶ᠎ᠡ ᠨᠢ ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠡᠯ᠎ᠡ ᠭᠠᠵᠠᠷ ᠤᠨ ᠬᠠᠷᠢᠶᠠᠨ ᠳᠤ ᠬᠢ ᠪᠣᠶ ᠪᠥᠬᠦᠶ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ︵ᠭᠤᠤᠯ ᠥᠷᠲᠡᠭᠡ︶᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠳᠤ ᠬᠦᠷᠢᠶᠡᠯᠡᠩ᠂ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠪᠠᠶᠢᠭᠤᠯᠤᠮᠵᠢ᠂ ᠣᠶᠤᠨ  ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠲᠡᠨᠦᠭᠦᠯ ᠭᠤᠶᠢᠷᠠᠨᠴᠢᠳ ᠢ ᠲᠤᠰᠠᠯᠠᠬᠤ ᠪᠠᠶᠢᠭᠤᠯᠤᠮᠵᠢ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ︵ᠲᠠᠯᠠᠪᠤᠷ︶ ᠪᠠᠭᠲᠠᠨ᠎ᠠ᠂ ᠢᠯᠠᠩᠭᠤᠶ᠎ᠠ ︽ᠪᠠᠭ᠎ᠠ᠂ ᠲᠠᠷᠠᠬᠠᠶ᠂ ᠬᠤᠯᠠ︾ ᠵᠡᠷᠭᠡ ᠬᠡᠪᠴᠢᠶ᠎ᠡ ᠠᠴᠠ ᠳᠣᠷᠣᠭᠰᠢᠬᠢ ᠡᠵᠡᠩᠨᠡᠯᠲᠡ ᠶᠢᠨ ᠨᠢᠬᠡᠴᠢ ᠶᠢ ᠣᠨᠴᠠᠭᠠᠶᠢᠯᠠᠨ ᠠᠩᠬᠠᠷᠬᠤ ᠬᠡᠷᠡᠭᠲᠡᠶ᠃     ᠲᠥᠰᠦᠯ ᠳᠤ ᠴᠢᠬᠤᠯᠠᠴᠢᠯᠠᠭᠰᠠᠨ ᠨᠢ᠂ ᠠᠷᠠᠳ ᠲᠦᠮᠡᠨ  ᠬᠢᠭᠡᠳ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠰᠡᠳᠬᠢᠬᠦᠶ ᠪᠠ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮ ᠢ ᠨᠢᠭᠲᠠ ᠪᠥᠭᠡᠳ ᠪᠠᠲᠤ ᠪᠠᠬᠢ ᠪᠠᠶᠢᠭᠤᠯᠵᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠳᠡᠯ ᠤᠨ ᠳᠠᠯᠳᠠ ᠭᠡᠮ ᠢ ᠦᠨᠳᠦᠰᠦᠨ ᠠᠴᠠ ᠨᠢ ᠠᠷᠢᠯᠭᠠᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠬᠦᠨᠳᠦ ᠣᠨᠴᠠ ᠶᠡᠭᠡ ᠠᠳᠡᠯ ᠢ ᠡᠷᠡᠰ ᠬᠤᠷᠢᠭᠯᠠᠵᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠷᠠᠳ ᠤᠨ ᠶᠠᠪᠤᠳᠠᠯ ᠤᠨ ᠦᠢᠯᠡᠴᠢᠯᠡᠭᠡ ᠬᠦᠷᠳᠡᠭᠰᠡᠳ ᠤᠨ ᠠᠮᠤᠷ  ᠲᠦᠪᠰᠢᠨ  ᠢ ᠦᠨᠡᠨ ᠬᠦ ᠪᠠᠲᠤᠯᠠᠬᠤ ᠬᠡᠷᠡᠭᠲᠡᠢ᠃    ᠲᠥᠰᠦᠯ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠶᠡᠭᠡ  ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠷᠠᠳ ᠤᠨ ᠶᠠᠪᠤᠳᠠᠯ ᠤᠨ ᠶᠠᠮᠤᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠰᠤᠷᠤᠯᠴᠠᠨ ᠣᠶᠢᠯᠠᠭᠠᠬᠤ᠂ ᠨᠠᠶᠢᠳᠠᠪᠤᠷᠢᠵᠢᠭᠤᠯᠬᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ   ᠭᠦᠢᠴᠡᠳᠬᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠵᠡᠷᠭᠡ 5 ᠲᠠᠯ᠎ᠠ ᠶᠢᠨ 22  ᠵᠤᠶᠢᠯ ᠤᠨ ᠪᠣᠳᠠᠲᠠᠶ ᠠᠵᠢᠯ ᠤᠨ ᠡᠭᠦᠷᠭᠡ ᠶᠢᠨ ᠲᠣᠭᠤᠷᠢᠨ ᠳᠤ ᠥᠪᠡᠷ ᠤᠨ ᠪᠠᠶᠢᠴᠠᠭᠠᠯᠲᠠ ᠬᠢᠬᠦ ᠬᠡᠷᠡᠭᠲᠡᠶ᠃ ᠥᠪᠡᠷ ᠢᠶᠠᠨ ᠪᠠᠶᠢᠴᠠᠭᠠᠬᠤ ᠠᠵᠢᠯ ᠤᠨ ᠡᠬᠡ ᠲᠠᠩᠰᠠ ᠶᠢ ᠱᠠᠲᠤ ᠬᠤᠪᠢᠶᠠᠨ ᠪᠠᠶᠢᠭᠤᠯᠵᠤ᠂ ᠠᠰᠠᠭᠤᠳᠠᠯ ᠤᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ᠂ ᠠᠷᠭ᠎ᠠ ᠬᠡᠮᠵᠢᠶ᠎ᠡ ᠶᠢᠨ ᠨᠠᠷᠢᠨ ᠲᠠᠩᠰᠠ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠪᠠᠯᠠ ᠮᠥᠩᠭᠦ᠂ ᠴᠠᠭ ᠤᠨ ᠬᠢᠵᠠᠭᠠᠷ᠂ ᠪᠡᠯᠡᠳᠬᠡᠯ ᠲᠥᠰᠦᠯ ︽ᠲᠠᠪᠤ ᠶᠢ ᠨᠠᠶᠢᠳᠠᠪᠤᠷᠢᠵᠢᠭᠤᠯᠬᠤ︾ ᠶᠢ ᠪᠠᠶᠢᠭᠤᠯᠬᠤ ᠬᠡᠷᠡᠭᠲᠡᠶ᠃ ᠭᠤᠣᠯ ᠬᠠᠷᠢᠭᠤᠴᠠᠯᠭᠠᠲᠠᠨ ᠨᠥᠬᠦᠳ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠡᠮᠦᠨ᠎ᠡ ᠨᠢ ᠵᠢᠯᠣᠭᠤᠳᠴᠤ᠂ ᠡᠯ᠎ᠡ ᠬᠤᠪᠢᠳᠠᠨ ᠬᠠᠮᠢᠶᠠᠷᠴᠤ ᠪᠦᠬᠦᠢ ᠨᠥᠬᠦᠳ ᠪᠣᠳᠠᠲᠠᠢ ᠪᠠᠷ  ᠠᠬᠢᠭᠤᠯᠤᠨ᠂ ᠮᠥᠷᠳᠡᠨ ᠵᠢᠯᠣᠭᠤᠳᠴᠤ᠂ ᠲᠤᠰᠬᠠᠢ ᠬᠥᠮᠦᠨ ᠢᠶᠠᠷ ᠲᠦᠷᠦᠭᠦᠯᠡᠭᠦᠯᠦᠨ ᠶᠡᠭᠡ ᠪᠠᠶᠢᠴᠠᠭᠠᠯᠲᠠ ᠶᠢᠨ ᠠᠵᠢᠯ ᠢ ᠬᠠᠷᠢᠭᠤᠴᠠᠭᠤᠯᠬᠤ ᠶᠢ ᠲᠣᠳᠣᠷᠬᠠᠶᠢᠯᠠᠵᠤ᠂  ᠲᠤᠬᠢᠷᠠᠭᠤᠯᠤᠨ ᠨᠡᠪᠲᠡᠷᠡᠭᠦᠯᠬᠦ ᠶᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ  ᠬᠡᠯᠪᠡᠷᠢ ᠮᠠᠶ᠋ᠢᠭ ᠭᠠᠷᠭᠠᠵᠤ᠂ ᠶᠣᠰᠣᠨ ᠲᠡᠳᠦᠢ ᠥᠩᠭᠡᠷᠡᠭᠦᠯᠬᠦ ᠶᠢ ᠡᠷᠡᠰ ᠬᠤᠷᠢᠭᠯᠠᠬᠤ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号