2022 ᠤᠨ ᠤ ᠨᠡᠶᠢᠭᠡᠮ ᠤᠨ  ᠲᠤᠰᠠᠯᠠᠮᠵᠢ ᠶᠢᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠲᠤᠷᠰᠢᠯᠲᠠ ᠶᠢᠨ ᠴᠡᠭ ᠤᠨ ᠠᠵᠢᠯ  ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/4/29
        ᠨᠡᠶᠢᠭᠡᠮ ᠤᠨ ᠲᠤᠰᠠᠯᠠᠮᠵᠢ ᠶᠢᠨ ᠳᠦᠷᠢᠮ ᠤᠨ  ᠦᠭᠡᠷᠡᠴᠢᠯᠡᠨ ᠲᠡᠭᠦᠯᠳᠡᠷᠵᠢᠭᠦᠯᠬᠦ  ᠳᠤᠬᠠᠢ ᠨᠠᠮ ᠤᠨ ᠲᠦᠪ ᠬᠤᠷᠢᠶ᠎ᠠ ᠂  ᠲᠦᠷᠦ ᠶᠢᠨ ᠶᠠᠪᠤᠳᠠᠯ ᠤᠨ ᠬᠤᠷᠢᠶ᠎ᠠ  ᠪᠤᠯᠤᠨ ᠦᠪᠤᠷ ᠮᠤᠩᠭᠤᠯ ᠤᠨ  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠬᠦᠭᠵᠢᠯᠲᠡ ᠶᠢᠨ ᠤᠶᠢᠯᠭᠠᠭᠲᠠᠭᠤᠨ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠳᠡᠰ ᠲᠦᠷᠦᠯ ᠬᠤᠪᠢᠶᠠᠭᠰᠠᠨ ᠨᠡᠶᠢᠭᠡᠮ ᠤᠨ ᠲᠤᠰᠠᠯᠠᠮᠵᠢ  ᠶᠢᠨ ᠰᠢᠰᠲ᠋ᠧᠮ ᠤᠨ ᠪᠠᠶᠢᠭᠤᠯᠤᠯᠲᠠ ᠶᠢ ᠠᠭᠢᠭᠤᠯᠵᠤ᠂ ᠨᠡᠶᠢᠭᠡᠮ ᠤᠨ ᠲᠤᠰᠠᠯᠠᠮᠵᠢ ᠶᠢᠨ ᠴᠢᠨᠠᠷᠯᠢᠭ ᠬᠦᠭᠵᠢᠯᠲᠡ ᠶᠢ ᠠᠭᠢᠭᠤᠯᠬᠤ ᠶᠢᠨ ᠲᠤᠰᠠᠳᠠ ᠤᠶᠢᠷ᠎ᠠ ᠳᠤ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ︽ᠨᠡᠶᠢᠭᠡᠮ ᠤᠨ ᠲᠤᠰᠠᠯᠠᠮᠵᠢ  ᠶᠢᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠲᠤᠷᠰᠢᠯᠲᠠ ᠶᠢᠨ ᠴᠢᠭ ᠤᠨ ᠠᠵᠢᠯ ᠢ  ᠦᠷᠨᠢᠭᠦᠯᠬᠦ ᠲᠤᠬᠠᠢ ᠮᠡᠳᠡᠭᠳᠡᠯ︾ ᠢ  ᠲᠠᠷᠤᠮᠠᠯᠯᠠᠨ ᠲᠠᠷᠬᠠᠭᠠᠵᠤ᠂ 2022 ᠤᠨ ᠤ ᠨᠡᠶᠢᠭᠡᠮ ᠤᠨ ᠲᠤᠰᠠᠯᠠᠮᠵᠢ  ᠶᠢᠨ  ᠰᠢᠨ᠎ᠡ ᠶᠢ ᠡᠭᠦᠳᠴᠦ ᠰᠢᠯᠢᠳᠡᠭ ᠢ  ᠡᠭᠦᠳᠬᠦ ᠲᠤᠷᠰᠢᠯᠲᠠ ᠶᠢᠨ ᠴᠢᠭ ᠤᠨ ᠠᠵᠢᠯ ᠢ ᠪᠠᠶᠢᠷᠢᠯᠠᠭᠤᠯᠪᠠ᠃︽ᠮᠡᠳᠡᠭᠳᠡᠯ︾ ᠳᠤ ᠲᠤᠷᠠᠳᠤᠬᠰᠠᠨ ᠨᠢ᠂  ᠬᠦᠬᠡᠬᠤᠲᠠ ᠶᠢᠨ ᠬᠤᠲᠤᠩ ᠠᠷᠠᠳ ᠤᠨ ᠲᠤᠭᠤᠷᠢᠭ᠂ ᠬᠦᠯᠦᠨ ᠪᠤᠶᠢᠷ ᠬᠤᠲᠠ ᠶᠢᠨ ᠶᠠᠬᠰᠢ ᠬᠤᠲᠠ᠂ ᠬᠢᠩᠭᠠᠨ ᠠᠶᠢᠮᠠᠭ ᠤᠨ  ᠤᠯᠠᠭᠠᠨᠬᠤᠲᠠ ᠬᠤᠲᠠ᠂  ᠤᠯᠠᠭᠠᠨᠬᠠᠲᠠ ᠬᠤᠲᠠ ᠶᠢᠨ ᠪᠠᠭᠠᠷᠢᠨ ᠪᠠᠷᠠᠭᠤᠨ ᠬᠤᠰᠢᠭᠤ᠂  ᠠᠯᠠᠱᠠᠨ ᠵᠡᠭᠦᠨ ᠬᠤᠰᠢᠭᠤ ᠵᠡᠷᠭᠡ 18  ᠨᠢᠬᠡᠴᠢ ᠶᠢ ︽  ᠦᠢᠯᠡᠴᠢᠯᠡᠭᠡᠨ ᠤ ᠲᠦᠷᠦᠯ ᠤᠨ ᠨᠡᠶᠢᠭᠡᠮ ᠤᠨ ᠲᠤᠰᠠᠯᠠᠮᠵᠢ ᠶᠢᠨ ᠲᠤᠷᠰᠢᠯᠲᠠ ᠶᠢᠨ ᠴᠡᠭ︾ ︽ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠠᠮᠢᠶᠠᠷᠤᠯᠲᠠ ᠶᠢᠨ ᠴᠢᠨᠠᠷᠯᠢᠭ ᠬᠦᠭᠵᠢᠯᠲᠡ ᠶᠢᠨ ᠲᠤᠷᠰᠢᠯᠲᠠ ᠤᠨ  ᠴᠡᠭ︾ ︽ᠤᠨᠴᠠ ᠬᠦᠴᠢᠷᠳᠡᠯ  ᠲᠠᠢ ᠬᠦᠮᠦᠰ ᠢ ᠬᠠᠷᠠᠭᠠᠯᠵᠠᠵᠤ ᠰᠤᠪᠢᠯᠠᠬᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠲᠤᠷᠰᠢᠯᠲᠠ ᠤᠨ ᠴᠡᠭ︾ ᠵᠡᠷᠭᠡ ᠲᠦᠷᠦᠯ ᠵᠦᠢᠯ ᠤᠨ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ  ᠤ ᠨᠡᠶᠢᠭᠡᠮ ᠤᠨ ᠲᠤᠰᠠᠯᠠᠮᠵᠢ  ᠶᠢᠨ ᠰᠢᠨ᠎ᠡ ᠶᠢ ᠡᠭᠦᠳᠴᠦ ᠰᠢᠯᠢᠳᠡᠭ ᠢ  ᠡᠭᠦᠳᠬᠦ ᠲᠤᠷᠰᠢᠯᠲᠠ ᠶᠢᠨ ᠴᠢᠭ  ᠪᠤᠯᠭᠠᠨ᠎ᠠ᠃ ᠡᠯ᠎ᠡ ᠲᠤᠷᠰᠢᠯᠲᠠ ᠤᠨ  ᠴᠡᠭ ᠤᠨ  ᠰᠡᠳᠦᠪ  ᠲᠦᠷᠤᠯ ᠵᠦᠢᠯ ᠤᠨ ᠠᠭᠤᠯᠭ᠎ᠠ᠂ ᠬᠠᠷᠠᠯᠲᠠ ᠡᠭᠦᠷᠭᠡ ᠪᠠ ᠪᠡᠶᠡᠯᠡᠭᠦᠯᠬᠦ ᠴᠠᠭ ᠢ ᠲᠤᠭᠲᠠᠭᠠᠵᠤ᠂ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠳᠤᠤᠷ᠎ᠠ ᠠᠵᠢᠯ ᠢᠶᠠᠨ ᠦᠳᠳᠡᠷ ᠦᠷᠨᠢᠭᠦᠯᠵᠦ᠂ ᠲᠤᠷᠰᠢᠯᠲᠠ ᠶᠢᠨ  ᠴᠡᠭ ᠤᠨ ᠠᠵᠢᠯ  ᠢ ᠡᠮᠬᠢ ᠵᠢᠷᠤᠮ ᠲᠠᠢ ᠠᠭᠢᠭᠤᠯᠵᠤ᠂ ᠵᠢᠱᠢᠭᠰᠡᠨ ᠦᠷ᠎ᠡ ᠪᠦᠲᠦᠮᠵᠢ ᠳᠤ  ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃       ︽ᠮᠡᠳᠡᠭᠳᠡᠯ︾  ᠳᠤ ᠱᠠᠭᠠᠷᠳᠠᠭᠰᠠᠨ ᠨᠢ᠂ ᠡᠯ᠎ᠡ ᠲᠤᠷᠰᠢᠯᠲᠠ ᠶᠢᠨ ᠴᠡᠭ ᠤᠨ ᠭᠠᠵᠠᠷ ᠤᠷᠤᠨ ᠶᠡᠭᠡ ᠪᠠᠷ ᠴᠢᠬᠤᠯᠠᠴᠢᠯᠠᠵᠤ᠂ ᠨᠡᠶᠢᠭᠡᠮ ᠤᠨ ᠲᠤᠰᠠᠯᠠᠮᠵᠢ  ᠶᠢᠨ ᠬᠦᠷᠢᠶ᠎ᠡ ᠴᠠᠷᠠᠭ᠎ᠠ ᠳᠤ ᠬᠢ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠠᠵᠢᠯᠯᠠᠭ᠎ᠠ ᠶᠢ ᠦᠷᠨᠢᠭᠦᠯᠬᠦ ᠨᠢ ᠨᠡᠶᠢᠭᠡᠮ ᠤᠨ ᠲᠤᠰᠠᠯᠠᠮᠵᠢ  ᠶᠢᠨ ᠠᠵᠢᠯ ᠤᠨ  ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ  ᠪᠠᠳᠠᠷᠠᠭᠤᠯᠬᠤ᠂  ᠨᠡᠶᠢᠭᠡᠮ ᠤᠨ ᠲᠤᠰᠠᠯᠠᠮᠵᠢ  ᠶᠢᠨ  ᠴᠢᠨᠠᠷᠯᠢᠭ ᠬᠦᠭᠵᠢᠯᠲᠡ ᠶᠢ ᠠᠭᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠬᠤ ᠬᠡᠷᠡᠭᠲᠡᠢ᠃ ᠲᠤᠷᠰᠢᠯᠲᠠ ᠶᠢᠨ ᠠᠵᠢᠯ ᠤᠨ ᠶᠡᠷᠦᠩᠬᠡᠢ ᠰᠡᠳᠬᠢᠴᠡ ᠪᠠ ᠱᠠᠭᠠᠷᠳᠠᠯᠭ᠎ᠠ  ᠶᠤᠰᠤ ᠪᠠᠷ᠂ ᠲᠤᠬᠠᠢ ᠶᠢᠨ ᠭᠠᠵᠠᠷ ᠤᠨ ᠨᠡᠶᠢᠭᠡᠮ ᠤᠨ ᠲᠤᠰᠠᠯᠠᠮᠵᠢ ᠳᠤ ᠨᠡᠶᠢᠳᠡᠮ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠤᠷᠰᠢᠯᠲᠠ ᠶᠢᠨ ᠪᠤᠲᠠᠲᠠᠢ ᠠᠭᠤᠯᠭ᠎ᠠ ᠶᠢ ᠲᠤᠳᠤᠷᠬᠠᠶᠢᠯᠠᠵᠤ᠂ ᠲᠤᠷᠰᠢᠯᠲᠠ ᠶᠢᠨ ᠴᠡᠭ ᠤᠨ ᠠᠵᠢᠯ ᠤᠨ ᠠᠷᠭ᠎ᠠ ᠬᠡᠮᠵᠢᠶ᠎ᠡ ᠪᠠ ᠪᠤᠲᠠᠲᠠᠢ ᠴᠠᠭ ᠬᠤᠭᠤᠴᠠᠭ᠎ᠠ ᠶᠢ ᠨᠠᠷᠢᠯᠢᠭᠵᠢᠭᠤᠯᠤᠨ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ  ᠨᠠᠶᠢᠳᠠᠪᠤᠷᠢᠵᠢᠭᠤᠯᠵᠤ᠂ ᠦᠨᠡᠨ ᠬᠦ  ᠶᠠᠪᠤᠭᠳᠠᠬᠤ ᠲᠦᠰᠦᠯ ᠢ ᠲᠤᠭᠲᠠᠭᠠᠬᠤ ᠶᠢᠨ ᠬᠠᠮᠲᠦ ︽ᠴᠢᠩᠭ᠎ᠠ ᠪᠤᠲᠠᠲᠠᠢ ᠭᠦᠨᠵᠡᠭᠡᠢ ᠨᠠᠷᠢᠯᠢᠭ︾ ᠠᠵᠢᠯ ᠤᠨ ᠰᠤᠷᠳᠠᠯ ᠢᠶᠠᠷ ᠲᠤᠷᠰᠢᠯᠲᠠ ᠶᠢᠨ ᠴᠡᠭ  ᠤᠨ ᠠᠵᠢᠯ ᠤᠷᠤᠭᠰᠢᠲᠠᠢ ᠦᠷᠨᠢᠬᠦᠯᠵᠤ᠂ ᠲᠡᠭᠦᠰ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃        ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠨᠡᠶᠢᠭᠡᠮ ᠤᠨ ᠲᠤᠰᠠᠯᠠᠮᠵᠢ  ᠶᠢᠨ ᠦᠭᠡᠷᠡᠴᠢᠯᠡᠯᠲᠡ ᠶᠢᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠲᠤᠷᠰᠢᠯᠲᠠ ᠶᠢᠨ ᠴᠡᠭ ᠤᠨ ᠠᠵᠢᠯ ᠨᠢ ︽ᠨᠡᠶᠢᠭᠡᠮ ᠤᠨ ᠲᠤᠰᠠᠯᠠᠮᠵᠢ  ᠶᠢᠨ  ᠳᠦᠷᠢᠮ  ᠢ  ᠦᠭᠡᠷᠡᠴᠢᠯᠡᠨ ᠳᠡᠭᠦᠯᠳᠡᠷᠵᠢᠭᠦᠯᠬᠦ  ᠲᠤᠬᠠᠢ ᠰᠠᠨᠠᠯ︾  ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ᠂ ᠰᠢᠨ᠎ᠡ ᠶᠢ ᠡᠭᠦᠳᠬᠦ ᠬᠦᠭᠵᠢᠯᠲᠡ ᠶᠢᠨ ᠤᠶᠢᠯᠭᠠᠭᠲᠠᠭᠤᠨ ᠢ ᠦᠢᠯᠡᠳᠦᠯᠭᠡᠵᠢᠭᠦᠯᠬᠦ᠂ ᠨᠡᠶᠢᠭᠡᠮ ᠤᠨ ᠲᠤᠰᠠᠯᠠᠮᠵᠢ  ᠶᠢᠨ  ᠬᠦᠴᠢᠷ ᠢ ᠰᠢᠢᠳᠪᠦᠷᠢᠯᠡᠬᠦ᠂ ᠨᠡᠶᠢᠭᠡᠮ ᠤᠨ ᠲᠤᠰᠠᠯᠠᠮᠵᠢ  ᠶᠢᠨ  ᠦᠭᠡᠷᠡᠴᠢᠯᠡᠯᠲᠡ ᠬᠦᠭᠵᠢᠯᠲᠡ ᠶᠢ ᠠᠭᠢᠭᠤᠯᠬᠤ ᠴᠢᠬᠤᠯᠠ ᠪᠠᠷᠢᠴᠨ ᠪᠤᠯᠬᠤ ᠶᠤᠮ᠃ ᠡᠯ᠎ᠡ ᠠᠶᠢᠮᠠᠭ ᠬᠤᠲᠠ ᠶᠢᠨ ᠬᠢᠨ ᠲᠤᠷᠰᠢᠯᠲᠠ ᠶᠢᠨ ᠴᠡᠭ ᠤᠨ ᠠᠵᠢᠯ ᠢ ᠦᠨᠡᠯᠡᠬᠦ ᠪᠠ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠮᠵᠢᠯᠲᠠ ᠤᠯᠤᠭᠰᠠᠨ ᠠᠷᠭ᠎ᠠ ᠲᠤᠷᠰᠢᠯᠭ᠎ᠠ ᠪᠠᠨ ᠳ᠋ᠦᠩᠨᠡᠨ᠂ ᠤᠯᠠᠮ ᠴᠢᠨᠠᠭᠰᠢᠳᠠ  ᠦᠬᠡᠷᠡᠴᠢᠯᠡᠵᠤ᠂ ᠰᠢᠨ᠎ᠡ ᠶᠢ ᠡᠭᠦᠳᠦᠨ  ᠦᠢᠯᠡᠳᠤᠯᠬᠡᠵᠢᠬᠦᠯᠵᠤ᠂ ᠪᠦᠬᠦ ᠤᠷᠤᠨ ᠳᠤ ᠨᠡᠶᠢᠭᠡᠮ ᠤᠨ ᠲᠤᠰᠠᠯᠠᠮᠵᠢ ᠶᠢᠨ  ᠲᠦᠷᠦ ᠶᠢᠨ ᠪᠤᠳᠤᠯᠭ᠎ᠠ᠂ ᠲᠤᠭᠲᠠᠴᠠ᠂ ᠦᠢᠯᠡᠴᠢᠯᠡᠭᠡ᠂ ᠪᠠᠲᠤᠯᠠᠭ᠎ᠠ ᠵᠡᠷᠭᠡ ᠲᠠᠯ᠎ᠠ ᠶᠢᠨ ᠰᠢᠨ᠎ᠡ ᠶᠢ ᠡᠭᠦᠳᠦᠭᠰᠡᠨ ᠨᠡᠶᠢᠲᠡᠯᠢᠭ  ᠵᠢᠱᠢᠶ᠎ᠡ ᠨᠦᠭᠦᠳ ᠢ ᠢᠯᠡᠷᠡᠭᠦᠯᠵᠦ᠂  ᠬᠠᠭᠤᠯᠪᠤᠷᠢᠯᠠᠵᠤ ᠪᠤᠯᠬᠤ᠂ ᠳᠡᠯᠭᠡᠷᠡᠭᠦᠯᠵᠦ ᠪᠤᠯᠬᠤ ᠠᠷᠠᠳ ᠤᠨ ᠶᠠᠪᠤᠳᠠᠯ ᠤᠨ ᠠᠵᠢᠯ ᠤᠨ ᠲᠤᠷᠰᠢᠯᠭ᠎ᠠ ᠶᠢ ᠪᠤᠢ ᠪᠤᠯᠭᠠᠵᠤ᠂ ᠦᠭᠡᠷᠡᠴᠢᠯᠡᠯᠲᠡ ᠶᠢᠨ ᠦᠢᠯᠡᠳᠦᠯᠭᠡ ᠶᠢ ᠲᠠᠰᠤᠷᠠᠯᠲᠠ ᠦᠭᠡᠢ  ᠭᠦᠨᠵᠡᠭᠡᠶᠢᠷᠡᠬᠦ ᠶᠢ  ᠠᠭᠢᠭᠤᠯᠵᠤ᠂ ᠨᠡᠶᠢᠭᠡᠮ ᠤᠨ ᠲᠤᠰᠠᠯᠠᠮᠵᠢ  ᠶᠢᠨ  ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠳᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号