ᠬᠤᠳᠠᠯᠳᠤᠭ᠎ᠠ  ᠡᠷᠬᠢᠯᠡᠬᠦ ᠣᠷᠴᠢᠨ ᠲᠣᠭᠤᠷᠢᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/7
    4 ᠳ᠋ᠤᠬᠡᠷ ᠰᠠᠷ᠎ᠠ ᠶᠢᠨ 1 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠲᠢᠩᠬᠢᠮ ᠤᠨ ᠢᠶᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠬᠤ ᠲᠠᠬᠢᠨ ᠪᠠᠶᠢᠷᠢᠯᠠᠭᠤᠯᠵᠤ᠂ ᠳᠠᠬᠢᠨ ᠳᠠᠷᠤᠯᠲᠠ ᠥᠭᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠴᠤᠭ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠠᠯᠪᠠᠨ ᠭᠡᠷ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠬᠠᠮᠢᠶᠠᠷᠤᠯᠲᠠ ᠶᠢᠨ ᠲᠣᠪᠴᠢᠶ᠎ᠠ᠂  ᠨᠡᠶᠢᠬᠡᠮ ᠤᠨ ᠲᠤᠰᠠᠯᠠᠮᠵᠢ ᠶᠢᠨ ᠭᠠᠵᠠᠷ᠂ ᠦᠨᠳᠦᠰᠦᠨ ᠱᠠᠳᠤᠨ ᠤ ᠵᠠᠰᠠᠭ ᠤᠨ ᠡᠷᠬᠡ ᠶᠢᠨ ᠪᠠᠶᠢᠭᠤᠯᠤᠯᠳᠠ ᠶᠢᠨ ᠭᠠᠵᠠᠷ᠂ ᠣᠷᠣᠨ ᠬᠤᠪᠢᠶᠠᠷᠢᠯᠠᠯ ᠤᠨ ᠭᠠᠵᠠᠷ ᠨᠡᠷ᠎ᠡ ᠶᠢᠨ ᠭᠠᠵᠠᠷ᠂ ᠨᠡᠶᠢᠬᠡᠮ ᠶᠠᠪᠤᠳᠠᠯ ᠤᠨ ᠭᠠᠵᠠᠷ᠂ ᠨᠠᠰᠤᠵᠢᠯ ᠤᠨ ᠦᠢᠯᠡᠴᠢᠯᠡᠬᠡᠨ ᠤ ᠭᠠᠵᠠᠷ᠂ ᠬᠡᠦᠬᠡᠳ ᠠᠰᠠᠷᠠᠮᠵᠢ ᠶᠢᠨ ᠭᠠᠵᠠᠷ᠂ ᠨᠢᠭᠦᠯᠡᠰᠦᠩᠭᠦᠢ ᠶᠢᠨ ᠦᠢᠯᠡᠰ ᠢ ᠠᠬᠢᠭᠤᠯᠬᠤ ᠪᠠ ᠨᠡᠶᠢᠬᠡᠮ ᠤᠨ ᠠᠵᠢᠯ ᠤᠨ ᠭᠠᠵᠠᠷ ᠤᠨ ᠬᠠᠷᠢᠭᠤᠴᠠᠯᠭᠠᠳᠠᠳ ᠣᠶᠢᠷ᠎ᠠ ᠶᠢᠨ ᠬᠤᠭᠤᠴᠠᠭᠠᠨ ᠤ ᠠᠵᠢᠯ ᠤᠨ ᠠᠬᠢᠴᠠ ᠪᠠᠨ ᠲᠠᠨᠢᠯᠴᠠᠭᠤᠯᠵᠤ᠂ ᠬᠤᠯᠪᠣᠭᠳᠠᠯ ᠪᠦᠬᠦᠢ ᠭᠠᠵᠠᠷ ᠲᠠᠰᠤᠭ ᠤᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠬᠤᠯᠪᠣᠭᠠᠴᠢᠨ ᠲᠣᠰ ᠤᠳᠠᠭᠠᠨ ᠤ ᠲᠣᠬᠢᠷᠠᠭᠤᠯᠬᠤ ᠬᠤᠷᠠᠯ ᠳᠤ ᠣᠷᠣᠯᠴᠠᠪᠠ᠃       ᠬᠤᠷᠠᠯ ᠳᠤ ᠴᠢᠬᠤᠯᠠᠴᠢᠯᠠᠬᠰᠠᠨ ᠨᠢ᠂ ᠨᠢᠭᠡ ᠳᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠭᠠᠵᠠᠷ  ᠲᠠᠰᠤᠭ ᠠᠬᠢᠭᠤᠯᠬᠤ ᠶᠢ ᠲᠦᠷᠬᠡᠳᠬᠡᠵᠤ᠂ ᠬᠦᠯᠢᠶᠡᠵᠤ ᠠᠪᠤᠭᠰᠠᠨ  ᠲᠤᠬᠳᠠᠬᠰᠠᠨ ᠴᠠᠭ ᠠᠴᠠ ᠨᠢ ᠬᠤᠶᠢᠰᠢᠯᠠᠭᠤᠯᠵᠤ ᠪᠣᠯᠬᠤ ᠦᠭᠡᠢ᠃ ᠬᠤᠶᠠᠷ ᠲᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠬᠡᠷᠡᠭ ᠶᠠᠪᠤᠳᠠᠯ ᠢ ᠪᠠᠷᠢᠮᠵᠢᠶᠠᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠠᠳᠠᠯᠢ ᠨᠢᠭᠡᠨ ᠬᠡᠷᠡᠭ ᠶᠠᠪᠤᠳᠠᠯ ᠢ ᠪᠥᠬᠦ ᠣᠷᠣᠨ ᠤ ᠬᠡᠪᠴᠢᠶᠡᠨ ᠳᠤ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ︽ᠡᠭᠦᠳᠡ ᠪᠠᠨ ᠨᠡᠭᠡᠭᠡᠵᠦ ᠰᠠᠨᠠᠯ ᠬᠤᠷᠢᠶᠠᠬᠤ︾ ᠪᠠᠷ ᠡᠯᠰᠡᠭᠰᠡᠨ ᠠᠷᠠᠳ ᠤᠨ ᠶᠠᠪᠤᠳᠠᠯ ᠤᠨ ᠠᠵᠢᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠬᠦ ᠪᠦᠬᠡᠳ ᠭᠥᠯᠢᠶᠡᠨ ᠠᠪᠴᠤ᠂ ᠦᠨᠳᠦᠰᠦᠨ ᠱᠠᠲᠤᠨ ᠤ ᠠᠵᠢᠯᠲᠠᠨ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠠᠮᠢᠶ᠎ᠠ ᠪᠦᠬᠦᠢ ᠠᠵᠢᠯ ᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃   ᠬᠤᠷᠠᠯ ᠳᠤ ᠴᠢᠬᠤᠯᠠᠴᠢᠯᠠᠬᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠢᠬᠤᠯᠠ ᠤᠯᠤᠰ ᠲᠦᠷᠦ ᠶᠢᠨ ᠡᠭᠦᠷᠭᠡ ᠶᠢ ᠪᠡᠶᠡᠯᠡᠭᠦᠯᠬᠦ ᠣᠪᠣᠷ ᠪᠣᠯᠣᠨ ᠵᠣᠷᠢᠭ ᠢᠶᠠᠷ ᠡᠨᠡ ᠬᠦ ᠠᠵᠢᠯ ᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠲᠣᠬᠢᠷᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠭᠠᠷᠠᠭ ᠪᠦᠷᠢ ᠨᠢᠭᠡ ᠤᠳᠠᠭ᠎ᠠ ᠲᠣᠬᠢᠷᠠᠭᠤᠯᠵᠤ᠂ ᠰᠠᠷ᠎ᠠ ᠳᠤ ᠨᠢᠭᠡ ᠤᠳᠠᠭ᠎ᠠ ᠵᠠᠷᠯᠠᠨ ᠮᠡᠳᠡᠭᠳᠡᠬᠦ︾ ᠶᠢ ᠬᠡᠷᠡᠭᠵᠢᠭᠦᠯᠬᠦ ᠶᠢᠨ ᠬᠠᠮᠲᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠯ ᠤᠨ ᠡᠴᠦᠰ ᠤᠨ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠴᠢᠬᠤᠯᠠ ᠭᠦᠢᠴᠡᠳᠬᠡᠯ ᠲᠤᠭ᠎ᠠ ᠪᠣᠯᠭᠠᠬᠤ ᠬᠡᠷᠡᠭᠲᠡᠢ᠃ ᠳᠥᠷᠪᠡ ᠳᠤ᠂ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠭᠠᠵᠠᠷ ᠲᠠᠰᠤᠭ ᠬᠠᠮᠵᠢᠯᠴᠠᠨ ᠠᠵᠢᠯᠯᠠᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠯᠳᠠ ᠶᠢ  ᠬᠠᠮᠳᠤ ᠪᠠᠷ ᠠᠬᠢᠭᠤᠯᠬᠤ ᠬᠡᠷᠡᠭᠲᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号