ᠮᠠᠨ ᠤ ᠣᠷᠣᠨ ᠥᠪᠡᠷ ᠢᠶᠠᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2022/5/10
   5 ᠳ᠋ᠤᠭᠠᠷ ᠰᠠᠷ᠎ᠠ ᠶᠢᠨ 7 ᠤ ᠦᠳᠡ ᠳᠤ᠂ ᠪᠥᠬᠦ ᠤᠯᠤᠰ ᠤᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠰᠠᠨ ᠤ ᠳᠠᠷᠠᠭ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠥᠬᠦ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠬᠤᠷᠠᠯ ᠢ ᠲᠡᠷᠡ ᠳᠠᠷᠤᠢ ᠳᠤ ᠨᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠲᠤᠰᠬᠠᠢ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ     ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠰᠢ ᠶᠢᠨ ᠫᠢᠩ ᠶᠡᠷᠦᠩᠬᠡᠢ ᠱᠦᠵᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ᠠᠮᠤᠷ ᠲᠦᠪᠰᠢᠨ ᠤ ᠬᠥᠪᠴᠢ ᠶᠢ ᠡᠷᠬᠡᠪᠰᠢ ᠴᠢᠩᠭᠠᠯᠠᠵᠤ᠂ ᠤᠯᠤᠰ ᠲᠦᠷᠦ ᠶᠢ ᠡᠷᠬᠢᠮᠯᠡᠬᠦ ᠳᠡᠭᠡᠳᠦ ᠬᠡᠮᠵᠢᠶᠡᠨ ᠤ ᠲᠠᠨᠢᠯᠲᠠ ᠲᠠᠢ ᠬᠠᠨᠳᠤᠬᠤ ᠶᠢ ᠪᠠᠷᠢᠮᠲᠠᠯᠠᠵᠤ᠂ ᠲᠠᠨᠢᠯᠲᠠ ᠳᠤᠲᠠᠮᠠᠭ᠂ ᠪᠡᠯᠡᠳᠬᠡᠯ ᠳᠤᠲᠠᠮᠠᠭ᠂ ᠠᠵᠢᠯ ᠬᠦᠷᠦᠯᠴᠡᠬᠦ ᠦᠭᠡᠢ ᠵᠡᠷᠭᠡ ᠠᠰᠠᠭᠤᠳᠠᠯ ᠢ ᠡᠷᠡᠰ ᠲᠡᠪᠴᠢᠵᠦ᠂ ᠬᠥᠩᠭᠡᠪᠴᠢᠯᠡᠬᠦ᠂ ᠬᠠᠮᠢᠶ᠎ᠠ ᠦᠭᠡᠢ ᠭᠡᠵᠤ ᠦᠵᠡᠬᠦ᠂ ᠥᠪᠡᠷ ᠤᠨ ᠬᠢ ᠪᠠᠨ ᠯᠡ ᠵᠥᠪ ᠭᠡᠬᠦ ᠵᠡᠷᠭᠡ ᠠᠰᠠᠭᠤᠳᠠᠯ ᠢ ᠡᠷᠡᠰ ᠲᠡᠪᠴᠢᠵᠦ᠂ ᠳᠡᠭᠡᠳᠦ ᠱᠠᠳᠤ ᠨᠢ ᠴᠢᠬᠤᠯᠠᠴᠢᠯᠠᠬᠤ ᠳᠤ ᠲᠤᠤᠷᠠᠳᠤ ᠱᠠᠳᠤ ᠨᠢ ᠲᠤᠭᠤᠰᠢᠯᠠᠭᠤᠯᠬᠤ ᠦᠬᠡᠢ ᠠᠰᠠᠭᠤᠳᠠᠯ ᠢ ᠡᠷᠡᠰ ᠲᠡᠪᠴᠢᠵᠦ᠂ ᠨᠥᠬᠦᠴᠡᠯ ᠶᠠᠷᠢᠬᠤ ᠦᠭᠡᠢ᠂ ᠤᠴᠢᠷ ᠰᠢᠯᠲᠠᠭᠠᠨ ᠢ ᠶᠠᠷᠢᠬᠤ ᠦᠭᠡᠢ ᠪᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃   ᠸᠠᠩ ᠯᠢ ᠰᠢᠶᠠ ᠱᠠᠭᠠᠷᠳᠠᠬᠰᠠᠨ ᠨᠢ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠰᠠᠶᠢᠲᠤᠷ ᠣᠯᠬᠤ ᠬᠡᠷᠡᠭᠲᠡᠢ᠃ ᠬᠠᠷᠢᠶ᠎ᠠ ᠣᠷᠣᠨ ᠤ ᠪᠠᠨ ᠪᠣᠶ ᠪᠦᠬᠦᠢ ᠬᠤᠲᠠ ᠬᠥᠳᠡᠭᠡ ᠶᠢᠨ ᠥᠪᠡᠷ ᠢᠶᠠᠨ ᠪᠠᠷᠢᠭᠰᠠᠨ ᠭᠡᠷ ᠪᠠᠶᠢᠰᠢᠩ ᠳᠤ  ᠡᠪᠬᠡᠨ ᠪᠠᠶᠢᠴᠠᠭᠠᠵᠤ ᠪᠠᠶᠢᠳᠠᠯ ᠢ ᠣᠶᠢᠯᠠᠭᠠᠵᠤ᠂ ᠳᠠᠯᠳᠠ ᠬᠡᠮ ᠣᠷᠣᠰᠢᠵᠤ ᠪᠠᠶᠢᠭ᠎ᠠ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠠᠯᠳᠠᠯ ᠦᠬᠡᠢ ᠳᠡᠩᠰᠡᠯᠡᠨ ᠲᠡᠮᠳᠡᠭᠯᠡᠵᠦ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠨᠢᠭᠡ ᠨᠢᠭᠡ ᠪᠠᠷ ᠬᠠᠷᠭᠤᠭᠤᠯᠵᠤ᠂ ᠠᠰᠠᠭᠤᠳᠠᠯ ᠤᠨ ᠳᠠᠯᠳᠠ ᠬᠡᠮ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ ᠵᠠᠰᠠᠯᠲᠠ ᠶᠢᠨ ᠠᠷᠭ᠎ᠠ ᠬᠡᠮᠵᠢᠶ᠎ᠡ ᠶᠢ ᠬᠠᠨᠳᠤᠯᠭ᠎ᠠ ᠲᠠᠢ ᠨᠠᠷᠢᠯᠢᠭᠵᠢᠭᠤᠯᠵᠤ᠂ ᠰᠢᠨᠵᠢᠯᠡᠬᠦ ᠤᠬᠠᠭᠠᠨᠴᠢ ᠪᠠᠷ ᠲᠤᠰᠬᠠᠢ ᠮᠡᠷᠭᠡᠵᠢᠯ ᠤᠨ ᠪᠠ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠲᠤᠰᠬᠠᠢ ᠮᠡᠷᠭᠡᠵᠢᠯ ᠤᠨ ᠪᠠᠶᠢᠭᠤᠯᠤᠮᠵᠢ ᠪᠠᠷ ᠶᠡᠷᠦᠩᠬᠡᠶᠢᠯᠡᠨ ᠰᠤᠳᠤᠯᠤᠨ ᠮᠠᠭᠠᠳᠯᠠᠭᠤᠯᠵᠤ᠂  ᠠᠮᠤᠷ ᠲᠦᠪᠰᠢᠨ ᠤ ᠭᠡᠮ ᠰᠣᠭᠤᠭ ᠢ ᠡᠷᠡᠰ ᠪᠢᠲᠡᠭᠦᠮᠵᠢᠯᠡᠬᠦ ᠬᠡᠷᠡᠭᠲᠡᠢ᠃ ᠪᠥᠬᠦ ᠣᠷᠣᠨ ᠤ ᠬᠥᠳᠡᠭᠡ ᠲᠣᠰᠬᠤᠨ ᠤ ᠭᠡᠷ ᠪᠠᠶᠢᠰᠢᠩ ᠤᠨ ᠶᠡᠷᠦᠩᠬᠡᠢ ᠬᠡᠮᠵᠢᠶ᠎ᠡ᠂ ᠬᠡᠮ ᠰᠣᠭᠤᠭ ᠤᠨ ᠬᠠᠳᠠᠭᠠᠯᠠᠯᠲᠠ ᠬᠡᠮᠵᠢᠶ᠎ᠡ᠂ ᠴᠡᠭᠴᠡᠯᠡᠨ ᠵᠠᠰᠠᠬᠤ ᠶᠠᠰᠤ ᠴᠢᠨᠠᠷ ᠲᠤ ᠳᠠᠬᠢᠨ ᠨᠢᠭᠡ ᠡᠭᠡᠯᠵᠢ ᠶᠢᠨ ︽ᠡᠷᠬᠢᠨ ᠬᠠᠷᠠᠬᠤ︾ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠡᠷᠦᠬᠡ ᠪᠠᠷ ᠬᠠᠷᠭᠤᠭᠤᠯᠤᠨ᠂ ᠨᠢᠬᠡᠳ ᠨᠢᠬᠡ ᠪᠠᠷ ᠪᠠᠶᠢᠴᠠᠭᠠᠨ ᠰᠢᠯᠭᠠᠵᠤ᠂ ᠲᠥᠷᠥᠯ ᠬᠤᠪᠢᠶᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠤᠯᠠᠮ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠡᠮ ᠰᠣᠭᠤᠭ ᠢ ᠲᠤᠶᠢᠯᠪᠤᠷᠢᠲᠠᠢ ᠠᠷᠢᠯᠭᠠᠬᠤ ᠬᠡᠷᠡᠭᠲᠡᠢ᠃ ︽ᠠᠶᠤᠯᠬᠦᠢ ᠦᠢᠯᠡᠳᠪᠦᠷᠢᠯᠡᠯ ᠤᠨ 15 ᠬᠠᠲᠠᠭᠤ ᠠᠷᠭ᠎ᠠ︾ ᠪᠣᠯᠣᠨ ᠮᠠᠨ ᠤ ᠣᠷᠣᠨ ᠤ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠣᠷᠣᠨ ᠤ  ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ  ᠦᠨᠡᠨ ᠬᠦ ᠬᠠᠮᠠᠭᠠᠯᠠᠬᠤ ᠬᠡᠷᠡᠭᠲᠡᠢ᠃   ᠸᠠᠩ ᠯᠢ ᠰᠢᠶᠠ ᠴᠢᠬᠤᠯᠠᠴᠢᠯᠠᠭᠰᠠᠨ ᠨᠢ᠂ ᠳᠡᠭᠡᠷ᠎ᠡ ᠳᠣᠣᠷ᠎ᠠ ᠱᠠᠲᠤ ᠨᠢᠭᠡ ᠴᠤᠬᠴᠨ ᠪᠠᠷ ᠬᠤᠯᠪᠣᠯᠳᠤᠭᠰᠠᠨ ᠬᠠᠷᠢᠭᠤᠴᠠᠯᠭ᠎ᠠ ᠶᠢᠨ ᠰᠢᠰᠲ᠋ᠧᠮ ᠪᠣᠯᠣᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠤᠨ ᠲᠣᠭᠲᠠᠴᠠ  ᠶᠢ  ᠲᠦᠷᠬᠡᠨ ᠪᠠᠶᠢᠭᠤᠯᠵᠤ᠂ ᠪᠣᠳᠠᠲᠠᠢ ᠬᠠᠷᠢᠶᠠᠯᠠᠭᠳᠠᠬᠤ ᠭᠠᠵᠠᠷ ᠣᠷᠣᠨ ᠤ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠬᠦᠨᠳᠡᠯᠡᠨ ᠤ ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭ᠎ᠠ ᠪᠠ ᠬᠢᠨᠠᠨ ᠵᠢᠯᠤᠭᠤᠳᠬᠤ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠠᠮᠤᠷ ᠲᠦᠪᠰᠢᠨ ᠤ ᠲᠤᠬᠠᠢ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃   ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠠᠢ ᠯᠢ ᠬᠤᠸᠠ᠂ ᠯᠢ ᠪᠢᠩ ᠷᠦᠩ᠂ ᠾᠧᠩ ᠰᠢᠶᠣᠣ ᠹᠠᠨ᠂ ᠴᠢ ᠪᠠᠲᠤ᠂ ᠪᠦᠦ ᠰᠢᠶᠠᠨ ᠬᠤᠸᠠ ᠬᠤᠷᠠᠯ ᠳᠤ ᠣᠷᠣᠯᠴᠠᠵᠤ᠂  ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠯᠤᠨ ᠡᠯ᠎ᠡ ᠠᠶᠢᠮᠠᠭ ᠬᠤᠳᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃         
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号