ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠᠰᠦᠨ ᠱᠤᠤ ᠴᠧᠩ ᠬᠤᠷᠠᠯ ᠢ ᠡᠷᠬᠢ᠊
ᠨᠡᠶᠢᠲᠡᠯᠡᠭᠰᠡᠨ ᠴᠠᠭ᠄
2022/5/10
   5 ᠳ᠋ᠤᠭᠠᠷ ᠰᠠᠷ᠎ᠠ ᠶᠢᠨ 7 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ  ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃   ᠬᠤᠷᠠᠯ ᠲᠡᠬᠡᠷ᠎ᠡ ᠰᠢ ᠶᠢᠨ ᠫᠢᠩ ᠶᠡᠷᠦᠩᠬᠡᠢ ᠱᠦᠵᠢ ᠶᠢᠨ 4 ᠳ᠋ᠤᠬᠡᠷ ᠰᠠᠷ᠎ᠠ ᠶᠢᠨ 29  ᠤ ᠡᠳᠦᠷ  ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠪᠣᠯᠣᠨ 5 ᠳ᠋ᠤᠭᠠᠷ ᠰᠠᠷ᠎ᠠ ᠶᠢᠨ 5  ᠤ ᠡᠳᠦᠷ  ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠵᠢᠭᠠᠬᠰᠠᠨ ᠨᠢ᠂ ᠨᠠᠮ ᠤᠨ ᠲᠥᠪ ᠬᠤᠷᠢᠶᠠᠨ ᠤ ᠬᠢᠵᠢᠭ ᠤᠨ ᠪᠠᠶᠢᠳᠠᠯ ᠢ  ᠰᠡᠷᠬᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠲᠤᠬᠠᠢ ᠴᠢᠬᠤᠯᠠ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠰᠢᠨᠵᠢ ᠲᠠᠢ ᠲᠠᠬᠢᠨ ᠲᠡᠯᠬᠡᠷᠡᠬᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠲᠥᠪ ᠤᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ︽ᠨᠢᠭᠡ ᠠᠵᠤ ᠠᠬᠤᠶᠢᠯᠠᠯ ᠨᠢᠭᠡ ᠪᠣᠳᠣᠯᠭ᠎ᠠ︾ ᠶᠢᠨ ᠠᠷᠭ᠎ᠠ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠠᠵᠢᠯ ᠣᠯᠭᠤᠯᠲᠠ ᠶᠢ ᠢᠳᠡᠪᠬᠢᠲᠡᠢ ᠪᠠᠷ ᠲᠣᠭᠲᠠᠪᠤᠷᠢᠵᠢᠭᠤᠯᠤᠨ ᠥᠷᠭᠡᠳᠬᠡᠵᠦ᠂ ᠠᠷᠠᠳ ᠤᠨ ᠠᠮᠢᠳᠤᠷᠠᠯ ᠤᠨ ᠦᠨᠳᠦᠰᠦᠨ ᠲᠠᠸᠠᠷ ᠤᠨ ᠬᠠᠩᠭᠠᠯᠭ᠎ᠠ ᠶᠢ ᠪᠠᠲᠤᠯᠠᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠨᠢᠬᠡ ᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃    ᠬᠤᠷᠠᠯ ᠲᠡᠬᠡᠷ᠎ᠡ ᠰᠢ ᠶᠢᠨ ᠫᠢᠩ  ᠶᠡᠷᠦᠩᠬᠡᠢ ᠱᠦᠵᠢ ᠬᠤᠨᠠᠨ ᠮᠤᠵᠢ ᠶᠢᠨ ᠴᠠᠩᠱᠠ ᠬᠤᠳᠠ ᠶᠢᠨ ᠰᠠᠭᠤᠭᠠᠯᠢ ᠠᠷᠠᠳ ᠤᠨ ᠥᠪᠡᠷ ᠢᠶᠠᠨ ᠪᠠᠷᠢᠭᠰᠠᠨ ᠭᠡᠷ ᠪᠠᠶᠢᠰᠢᠩ ᠨᠤᠷᠠᠭᠰᠠᠨ ᠠᠳᠡᠯ ᠤᠨ ᠲᠤᠬᠠᠢ ᠴᠢᠬᠤᠯᠠ ᠵᠢᠭᠠᠪᠤᠷᠢ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢ ᠤᠯᠠᠮᠵᠢᠯᠠᠨ ᠰᠤᠷᠤᠯᠴᠠᠵᠠᠢ᠃ ᠬᠤᠷᠠᠯ  ᠠᠴᠠ ᠱᠠᠭᠠᠷᠳᠠᠬᠰᠠᠨ ᠨᠢ ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠦᠨᠵᠡᠭᠡᠢ ᠰᠤᠷᠭᠠᠮᠵᠢ ᠠᠪᠴᠤ᠂ ᠦᠪᠤᠷ ᠮᠤᠩᠭᠤᠯ ᠤᠨ ᠥᠪᠡᠷᠲᠡᠭᠡᠨ ᠪᠠᠷᠢᠭᠰᠠᠨ ᠣᠷᠣᠨ ᠰᠠᠭᠤᠴᠠ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠪᠦᠬᠦ ᠲᠠᠯ᠎ᠠ ᠪᠠᠷ ᠱᠠᠯᠠᠪᠳᠠᠨ ᠪᠦᠬᠦ ᠲᠠᠯ᠎ᠠ ᠪᠠᠷ ᠥᠷᠨᠢᠭᠦᠯᠵᠦ᠂ ᠳᠠᠷᠠᠭᠠᠯᠠᠨ ᠪᠠᠶᠢᠴᠠᠭᠠᠬᠤ  ᠳᠤ ᠪᠠᠨ ᠵᠠᠪᠠᠯ ᠪᠠᠶᠢᠴᠠᠭᠠᠨ ᠲᠣᠳᠣᠯᠠᠵᠤ᠂ ᠴᠡᠭᠴᠡᠯᠡᠬᠦ ᠳᠤ ᠥᠭᠡᠷᠡᠴᠢᠯᠡᠨ ᠰᠠᠶᠢᠵᠢᠷᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠡᠷᠡᠰ ᠠᠷᠢᠯᠭᠠᠬᠤ ᠬᠡᠷᠡᠭᠲᠡᠢ᠃ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠢᠶᠠᠨ ᠪᠣᠳᠠᠲᠠᠢ ᠠᠳᠬᠤᠵᠤ᠂ ᠨᠢᠭᠡ ᠠᠴᠠ ᠨᠦᠬᠦᠬᠡ ᠶᠢ ᠵᠦᠢᠴᠢᠯᠡᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃   ᠬᠤᠷᠠᠯ ᠠᠴᠠ ᠴᠢᠬᠤᠯᠠᠴᠢᠯᠠᠬᠰᠠᠨ ᠨᠢ᠂ ᠲᠥᠪ ᠤᠨ ᠬᠤᠯᠪᠣᠭᠳᠠᠯ ᠪᠦᠬᠦᠢ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ  ᠰᠠᠶᠢᠲᠤᠷ ᠠᠳᠬᠤᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠠᠨᠳᠤᠯᠭᠠᠲᠤ ᠴᠢᠨᠠᠷ ᠢᠶᠠᠷ ᠴᠢᠩᠭ᠎ᠠ ᠠᠷᠭ᠎ᠠ ᠪᠠᠷ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠰᠢᠯᠵᠢᠭᠦᠯᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠬᠥᠳᠡᠭᠡ ᠠᠵᠤ ᠠᠬᠤᠢ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠲᠦᠷᠭᠡᠨ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号