ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/11
    5 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠣᠬᠢᠷᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠴᠤᠭ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠯᠪᠠᠨ ᠭᠡᠷ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ︶ ᠤᠨ ᠬᠢᠨ ᠣᠶᠢᠷ᠎ᠠ ᠶᠢᠨ ᠬᠤᠭᠤᠴᠠᠭᠠᠨ ᠤ ᠠᠵᠢᠯ ᠢ ᠪᠥᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠯᠪᠣᠭᠳᠠᠯ ᠪᠦᠬᠦᠢ ᠭᠠᠵᠠᠷ ᠲᠠᠰᠤᠭ ᠤᠨ ᠬᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠥᠨᠳᠥᠷ ᠳᠠᠪᠲᠠᠮᠵᠢ ᠶᠢᠨ ᠬᠡᠷᠡᠭᠯᠡᠭᠡ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ ᠨᠡᠭᠡᠭᠡᠨ ᠬᠥᠭᠵᠢᠭᠦᠯᠵᠦ᠂ ᠡᠯ᠎ᠡ ᠲᠥᠷᠥᠯ ᠤᠨ ᠬᠡᠷᠡᠭ ᠶᠠᠪᠤᠳᠠᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ︽ᠦᠪᠤᠷ ᠮᠣᠩᠭᠤᠯ ᠤᠨ ᠲᠦᠷᠭᠡᠨ ᠬᠦᠢᠴᠡᠳᠬᠡᠬᠦ︾ APP ᠶᠢ ᠬᠡᠷᠡᠭᠯᠡᠬᠦ ᠶᠢ ᠰᠠᠶᠢᠳᠤᠷ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠤᠯᠤᠯᠲᠠ ᠶᠢ ᠪᠥᠬᠦ ᠬᠦᠴᠦᠨ ᠢᠶᠠᠷ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠢᠭᠡᠳᠦᠯᠲᠡᠢ ᠪᠠᠷᠢᠮᠵᠢᠶ᠎ᠠ ᠶᠢᠨ ᠠᠵᠢᠯ ᠭᠦᠢᠴᠡᠳᠬᠡᠬᠦ ᠵᠦᠭᠯᠡᠭᠦᠷ ᠢ ᠡᠮᠦᠨᠡᠬᠢ ᠬᠤᠭᠤᠴᠠᠭᠠᠨ ᠤ ᠲᠠᠭᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠷᠤᠮᠠᠯᠯᠠᠨ ᠲᠠᠷᠬᠠᠭᠠᠵᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠪᠥᠬᠦ ᠣᠷᠣᠨ ᠤ ᠬᠡᠪᠴᠢᠶᠡᠨ ᠳᠤ ᠬᠢ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠳᠠᠯᠢ ᠨᠥᠬᠦᠴᠡᠯ ᠤᠨ ᠳᠣᠣᠷ᠎ᠠ ᠢᠯᠭᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨ᠎ᠠ ᠨᠢᠭᠡᠳᠦᠯᠲᠡᠢ᠂ ᠦᠢᠯᠡᠴᠢᠯᠡᠭᠡᠨ ᠤ ᠪᠠᠷᠢᠮᠵᠢᠶ᠎ᠠ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠨᠭ᠍ᠭᠠᠬᠤ ᠬᠡᠷᠡᠭᠳᠡᠢ᠃ ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠡᠬᠡ ᠲᠠᠩᠰᠠ ᠶᠢᠨ ᠠᠭᠤᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠮᠡᠳᠡᠭᠳᠡᠯ ᠤᠨ ᠰᠢᠨ᠎ᠡ ᠱᠠᠭᠠᠷᠳᠠᠯᠭ᠎ᠠ ᠲᠠᠢ ᠴᠠᠭ ᠲᠤᠬᠠᠢ ᠳᠤ ᠨᠢ ᠬᠠᠷᠢᠴᠠᠭᠤᠯᠤᠨ᠂ ᠰᠢᠨ᠎ᠡ ᠠᠵᠢᠯ ᠤᠨ ᠡᠭᠦᠷᠭᠡ ᠶᠢ ᠰᠠᠨᠠᠭᠠᠴᠢᠯᠠᠭ᠎ᠠ  ᠠᠴᠠ ᠪᠠᠨ ᠵᠣᠯᠭᠠᠭᠤᠯᠵᠤ᠂ ᠠᠯᠪᠠᠨ ᠭᠡᠷ ᠲᠤ ᠮᠡᠳᠡᠭᠦᠯᠦᠨ ᠬᠦᠷᠭᠡᠵᠦ ᠠᠵᠢᠯ ᠤᠨ ᠡᠬᠡ ᠲᠠᠩᠰᠠᠨ ᠳᠤ ᠤᠷᠤᠭᠤᠯᠬᠤ ᠬᠡᠷᠡᠭᠳᠡᠢ᠃ ᠮᠠᠨ ᠤ ᠲᠢᠩᠬᠢᠮ ᠤᠨ ᠡᠵᠡᠩᠨᠡᠯᠲᠡ ᠶᠢᠨ ᠣᠷᠴᠢᠨ  ᠨᠦᠬᠦᠴᠡᠯ ᠤᠨ ᠡᠬᠡ ᠲᠠᠩᠰᠠ ᠶᠢ ᠰᠢᠯᠢᠳᠡᠭᠵᠢᠭᠦᠯᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠶᠢᠵᠢᠭᠤᠯᠤᠨ ᠰᠠᠶᠢᠲᠤᠷ ᠬᠢᠬᠦ ᠶᠢ ᠪᠠᠳᠤᠯᠠᠬᠤ ᠬᠡᠷᠡᠭᠳᠡᠢ᠃ ᠳᠥᠷᠪᠡ ᠳᠤ᠂ ᠡᠷᠲᠡ ᠠᠴᠠ ᠠᠳᠬᠤᠵᠤ᠂ ᠡᠭᠦᠷᠭᠡ ᠪᠠᠨ ᠪᠡᠶᠡᠯᠡᠭᠦᠯᠬᠦ ᠶᠢ ᠴᠢᠩᠭ᠎ᠠ ᠠᠩᠬᠠᠷᠬᠤ ᠬᠡᠷᠡᠭᠲᠡᠢ᠃ ᠵᠠᠷᠴᠢᠮ ᠳᠡᠭᠡᠷ᠎ᠡ ᠪᠠᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠡᠭᠦᠷᠭᠡ ᠶᠢ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃ ᠵᠢᠯ ᠤᠨ ᠰᠡᠬᠦᠯᠴᠢ ᠠᠴᠠ ᠡᠮᠦᠨ᠎ᠡ ᠪᠡᠶᠡᠯᠡᠭᠦᠯᠬᠦ ᠡᠭᠦᠷᠭᠡ ᠶᠢ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠡᠬᠡ ᠲᠠᠩᠰᠠ ᠶᠢ ᠰᠢᠯᠢᠳᠡᠭᠵᠢᠭᠦᠯᠬᠦ ᠡᠯ᠎ᠡ ᠵᠦᠢᠯ ᠤᠨ ᠡᠭᠦᠷᠭᠡ ᠶᠢ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ  ᠴᠢᠨᠠᠷᠵᠢᠭᠤᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号