ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︽ᠠᠷᠠᠳ ᠤᠨ ᠶᠠᠪᠤᠳᠠᠯ ᠤᠨ  ᠬᠦᠷᠢᠶ᠎ᠡ ᠴᠠᠷᠠᠭ᠎ᠠ ᠳᠤ ᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 2022 ᠣᠨ ᠤ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ︾ ᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/5/11
     ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠶᠢᠷ᠎ᠠ  ᠳᠤ ︽ᠠᠷᠠᠳ ᠤᠨ ᠶᠠᠪᠤᠳᠠᠯ ᠤᠨ  ᠬᠦᠷᠢᠶ᠎ᠡ ᠴᠠᠷᠠᠭ᠎ᠠ ᠳᠤ ᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 2022 ᠣᠨ ᠤ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ︾ ᠢ ᠲᠠᠷᠤᠮᠠᠯᠯᠠᠨ ᠲᠠᠷᠬᠠᠭᠠᠪᠠ᠃ ᠡᠨᠡ ᠬᠦ ︽ᠲᠦᠰᠤᠯ︾ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠨᠳᠦᠰᠦᠨ ᠵᠦᠢᠯ ᠤᠨ ᠪᠠᠳᠤᠯᠠᠭ᠎ᠠ ᠶᠢᠨ ᠦᠷ᠎ᠡ ᠪᠦᠲᠦᠭᠡᠯ ᠢ ᠯᠠᠪᠳᠠᠭᠤᠨ ᠪᠠᠲᠤᠲᠠᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ  ᠠᠩᠭᠢᠵᠢᠷᠠᠭᠤᠯᠤᠬᠰᠠᠨ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠦᠲᠦᠮᠵᠢᠲᠡᠢ ᠵᠣᠯᠭᠠᠭᠤᠯᠬᠤ  ᠪᠠᠳᠤᠯᠠᠭ᠎ᠠ ᠶᠢᠨ ᠲᠤᠯᠭᠠᠭᠤᠷᠢᠯᠠᠯ ᠢ ᠴᠢᠩᠭᠠᠳᠬᠠᠬᠤ ᠭᠤᠷᠪᠠᠨ ᠲᠠᠯ᠎ᠠ ᠠᠴᠠ ᠠᠷᠪᠠᠨ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠠᠷᠢᠯᠢᠭᠵᠢᠭᠤᠯᠤᠭᠰᠠᠨ ᠪᠥᠭᠡᠳ ᠲᠦᠷᠦᠭᠦᠯᠡᠨ ᠬᠢᠬᠦ ᠨᠢᠬᠡᠴᠢ ᠪᠣᠯᠣᠨ ᠬᠠᠷᠢᠭᠤᠴᠠᠯᠭᠠᠲᠤ  ᠨᠢᠬᠡᠴᠢ ᠶᠢ ᠨᠢᠭᠡᠳ ᠨᠢᠭᠡ ᠪᠠᠷ ᠲᠣᠳᠣᠷᠬᠠᠶᠢᠯᠠᠪᠠ᠃    ︽ᠠᠷᠠᠳ ᠤᠨ ᠶᠠᠪᠤᠳᠠᠯ ᠤᠨ  ᠬᠦᠷᠢᠶ᠎ᠡ ᠴᠠᠷᠠᠭ᠎ᠠ ᠳᠤ ᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 2022 ᠣᠨ ᠤ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ︾ ᠳᠤ᠂ ᠡᠯ᠎ᠡ ᠭᠠᠵᠠᠷ ᠡᠯ᠎ᠡ ᠨᠢᠬᠡᠴᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯ ᠬᠢᠵᠦ᠂ ᠪᠦᠲᠦᠮᠵᠢᠲᠡᠶ ᠵᠣᠯᠭᠠᠭᠤᠯᠬᠤ ᠠᠵᠢᠯ ᠤᠨ ᠡᠷᠴᠢᠮ ᠪᠠ ᠲᠥᠷᠥ ᠶᠢᠨ ᠪᠣᠳᠣᠯᠭ᠎ᠠ ᠶᠢᠨ ᠡᠷᠴᠢᠮ ᠢ ᠦᠷᠭᠦᠯᠵᠢᠯᠡᠨ ᠪᠠᠲᠤᠯᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ ᠤᠨ ᠠᠭᠤᠯᠭ᠎ᠠ ᠲᠠᠢ ᠬᠠᠷᠢᠴᠠᠭᠤᠯᠤᠨ᠂ ᠣᠨ ᠤ ᠠᠵᠢᠯ ᠤᠨ ᠭᠤᠣᠯᠳᠠᠯᠭ᠎ᠠ ᠪᠠᠨ ᠲᠡᠭᠦᠯᠳᠡᠷᠵᠢᠭᠦᠯᠵᠦ᠂ ᠰᠠᠷ᠎ᠠ ᠤᠯᠠᠷᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠢᠶᠠᠨ ᠵᠠᠪᠰᠠᠷ ᠦᠭᠡᠢ ᠵᠣᠯᠭᠠᠭᠤᠯᠬᠤ ᠶᠢ ᠠᠬᠢᠭᠤᠯᠵᠤ᠂ ᠦᠨᠳᠦᠰᠦᠨ ᠵᠦᠢᠯ ᠤᠨ ᠪᠠᠲᠤᠯᠠᠭ᠎ᠠ ᠶᠢ ᠲᠠᠰᠤᠷᠠᠯᠲᠠ ᠦᠭᠡᠢ ᠡᠪᠬᠡᠮᠡᠯ ᠳᠤ ᠣᠷᠣᠭᠤᠯᠵᠤ᠂ ᠬᠤᠭᠤᠰᠤᠨ ᠬᠠᠶᠠᠬᠤ ᠦᠭᠡᠢ ᠪᠠᠶᠢᠬᠤ ᠶᠢ ᠪᠠᠳᠤᠯᠠᠬᠤ ᠬᠡᠷᠡᠭᠳᠡᠢ᠃ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠪᠠᠭᠤᠷᠠᠢ ᠵᠦᠢᠯᠡᠰ ᠢ ᠨᠠᠷᠢᠨ ᠬᠢᠨᠠᠮᠠᠭᠠᠢ ᠡᠮᠬᠢᠯᠡᠨ ᠵᠠᠳᠠᠯᠵᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠬᠦᠴᠦᠯᠡᠵᠦ᠂ ᠡᠯ᠎ᠡ ᠵᠦᠢᠯ ᠤᠨ ᠠᠵᠢᠯ ᠤᠨ ᠬᠠᠷᠠᠯᠲᠠ ᠡᠭᠦᠷᠭᠡ ᠶᠢ  ᠴᠢᠨᠠᠷᠵᠢᠭᠤᠨ  ᠪᠡᠶᠡᠯᠡᠬᠦᠯᠬᠦ ᠬᠡᠷᠡᠭᠳᠡᠢ ᠭᠡᠵᠤ ᠱᠠᠭᠠᠷᠳᠠᠬᠰᠠᠨ ᠪᠠᠶᠢᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号