ᠲᠥᠪ ᠤᠨ ᠡᠳ᠋ ᠤᠨ ᠵᠠᠰᠠᠭ ᠠᠮᠤ ᠪᠤᠳᠠᠭ᠎ᠠ ᠳᠠᠷᠢᠬᠤ ᠲᠠᠷᠢᠶᠠᠴᠢᠳ ᠲᠤ 11.4681 ᠳ᠋ᠦᠩᠰᠢᠭᠤᠷ ᠲᠥᠭᠦᠷᠢᠭ ᠨᠥᠬᠦᠪᠦᠷᠢ  ᠪᠠᠭᠤᠯᠭᠠᠪᠠ
ᠨᠡᠶᠢᠲᠡᠯᠡᠭᠰᠡᠨ ᠴᠠᠭ᠄
2022/5/5
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂  ᠣᠶᠢᠷ᠎ᠠ ᠳᠤ᠂ ᠲᠥᠪ ᠤᠨ ᠡᠳ᠋ ᠤᠨ ᠵᠠᠰᠠᠭ ᠮᠠᠨ ᠤ ᠣᠷᠣᠨ ᠤ ᠠᠮᠤ ᠪᠤᠳᠠᠭ᠎ᠠ ᠳᠠᠷᠢᠬᠤ ᠲᠠᠷᠢᠶᠠᠴᠢᠳ ᠲᠤ 11.4681 ᠳ᠋ᠦᠩᠰᠢᠭᠤᠷ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠥᠰᠦᠭᠰᠡᠨ ᠠᠴᠠ ᠪᠣᠯᠤᠭᠰᠠᠨ ᠵᠠᠷᠤᠯᠭ᠎ᠠ ᠶᠢᠨ ᠨᠡᠮᠡᠭᠳᠡᠯ ᠤᠨ ᠨᠥᠯᠥᠭᠡ ᠶᠢ ᠨᠠᠮᠳᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠤᠨ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠠᠶᠢᠴᠢᠯᠠᠪᠠ᠃   ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠪᠦᠲᠦᠮᠵᠢᠲᠦ ᠴᠢᠨᠠᠷ᠂ ᠨᠠᠷᠢᠯᠢᠭ ᠣᠨᠣᠪᠴᠢᠲᠤ ᠴᠢᠨᠠᠷ ᠢ ᠴᠢᠩᠭᠠᠷᠠᠭᠤᠯᠤᠨ᠂ ᠪᠥᠬᠦ ᠣᠷᠣᠨ ᠤ ᠡᠯ᠎ᠡ ᠭᠠᠵᠠᠷ ᠲᠤ ᠬᠡᠷᠡᠭᠵᠢᠭᠦᠯᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠲᠣᠰ ᠤᠳᠠᠭᠠᠨ ᠤ ᠨᠥᠬᠦᠪᠦᠷᠢ ᠶᠢᠨ ᠪᠡᠯᠡ ᠮᠥᠩᠭᠦ ᠶᠢᠨ ᠲᠠᠷᠬᠠᠭᠠᠯᠲᠠ ᠶᠢ 2021 ᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠨᠥᠬᠦᠪᠦᠷᠢ  ᠶᠢ ᠬᠦᠷᠳᠡᠭᠰᠡᠳ ᠨᠢ ᠠᠮᠤ ᠪᠤᠳᠠᠭ᠎ᠠ ᠲᠠᠷᠢᠳᠠᠭ ᠲᠠᠷᠢᠶᠠᠴᠢᠨ ᠪᠣᠯᠣᠨ᠎ᠠ᠂ ᠪᠣᠳᠠᠲᠠᠢ ᠪᠠᠷ ᠬᠡᠯᠡᠪᠡᠯ᠄ ᠳᠠᠭᠠᠭᠠᠴᠢᠯᠠᠭᠰᠠᠨ ᠭᠠᠵᠠᠷ ᠲᠤ ᠪᠠᠨ ᠠᠮᠤ ᠪᠤᠳᠠᠭ᠎ᠠ ᠲᠠᠷᠢᠳᠠᠭ ᠲᠠᠷᠢᠶᠠᠴᠢᠨ ᠪᠤᠯᠤᠨ ᠭᠠᠵᠠᠷ ᠰᠢᠷᠣᠢ ᠪᠠᠨ ᠡᠷᠭᠢᠯᠲᠡ ᠳᠤ ᠣᠷᠣᠭᠤᠯᠵᠤ ᠠᠮᠤ ᠪᠤᠳᠠᠭ᠎ᠠ ᠲᠠᠷᠢᠳᠠᠭ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶ᠎ᠠ ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠᠭᠲᠠᠨ᠎ᠠ᠃ ᠠᠮᠤ ᠪᠤᠳᠠᠭ᠎ᠠ ᠳᠠᠷᠢᠬᠤ᠂ ᠬᠤᠷᠢᠶᠠᠬᠤ ᠪᠥᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠥᠷᠨᠢᠭᠦᠯᠬᠦ ᠳᠤ᠂ ᠦᠢᠯᠡᠴᠢᠯᠡᠭᠡᠨ ᠤ ᠬᠤᠶᠠᠷ ᠲᠠᠯ᠎ᠠ ᠶᠢᠨ ᠭᠡᠷ᠎ᠡ ︵ᠵᠥᠪᠯᠡᠯᠴᠡᠭᠡᠷ︶ ᠶᠢᠨ ᠪᠣᠯᠵᠣᠨ ᠲᠣᠭᠲᠠᠭᠰᠠᠨ ᠢ ᠦᠨᠳᠦᠰᠦᠯᠡᠨ᠂ ᠠᠶᠢᠮᠠᠭ ᠬᠤᠲᠠ᠂ ᠬᠤᠰᠢᠭᠤ ᠰᠢᠶᠠᠨ ᠨᠢ ᠪᠣᠳᠠᠲᠠᠢ ᠲᠠᠢ ᠪᠠᠨ ᠤᠶᠠᠯᠳᠤᠭᠤᠯᠤᠨ ᠨᠥᠬᠦᠪᠦᠷᠢ ᠶᠢᠨ ᠪᠡᠯᠡ ᠮᠥᠩᠭᠦ ᠣᠯᠭᠤᠬᠤ ᠡᠲᠡᠭᠡᠳ ᠢ ᠲᠣᠭᠲᠠᠭᠠᠵᠤ᠂ ᠵᠠᠷᠴᠢᠮ ᠳᠡᠭᠡᠷ᠎ᠡ ᠪᠠᠨ ᠪᠡᠯᠡ ᠮᠥᠩᠭᠦ ᠶᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠰᠦᠭᠰᠡᠨ ᠥᠪᠡᠷ ᠤᠨ ᠥᠷᠲᠡᠭ ᠤᠨ ᠭᠤᠣᠯ ᠡᠭᠦᠷᠭᠡᠯᠡᠭᠴᠢ ᠳᠤ ᠨᠥᠬᠦᠪᠦᠷᠢᠯᠡᠬᠦ ᠬᠡᠷᠡᠭᠲᠡᠢ᠃ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠳᠤ᠂ ᠲᠣᠭᠲᠠᠭᠠᠭᠰᠠᠨ ᠡᠷᠭᠢᠯᠲᠡ ᠶᠢᠨ ᠭᠡᠷ᠎ᠡ ︵ᠵᠥᠪᠯᠡᠯᠴᠡᠭᠡᠷ︶ ᠶᠢ ᠦᠨᠳᠦᠰᠦᠯᠡᠨ ᠨᠥᠬᠦᠪᠦᠷᠢ ᠪᠡᠯᠡ ᠮᠥᠩᠭᠦ ᠣᠯᠭᠤᠬᠤ ᠡᠲᠡᠭᠡᠳ ᠢ ᠲᠣᠭᠲᠠᠭᠠᠨ᠎ᠠ᠃ ᠡᠯ᠎ᠡ ᠠᠶᠢᠮᠠᠭ ᠬᠤᠲᠠ ᠨᠤᠭᠤᠳ ᠪᠡᠯᠡ ᠮᠥᠩᠭᠦ ᠶᠢᠨ ᠲᠤᠭ᠎ᠠ ᠬᠡᠮᠵᠢᠶ᠎ᠡ᠂ ᠠᠮᠤ ᠪᠤᠳᠠᠭ᠎ᠠ ᠳᠠᠷᠢᠬᠤ ᠲᠠᠯᠠᠪᠠᠶ ᠵᠡᠷᠭᠡ ᠪᠠᠶᠢᠳᠠᠯ ᠲᠠᠢ ᠪᠠᠨ ᠤᠶᠠᠯᠳᠤᠭᠤᠯᠤᠨ ᠪᠡᠯᠡ ᠮᠥᠩᠭᠦ ᠶᠢᠨ ᠨᠥᠬᠦᠪᠦᠷᠢ ᠶᠢᠨ ᠪᠠᠷᠢᠮᠵᠢᠶ᠎ᠠ ᠶᠢ ᠶᠡᠷᠦᠩᠬᠡᠶᠢᠯᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠬᠤᠰᠢᠭᠤ ᠰᠢᠶᠠᠨ ᠤ ᠬᠡᠪᠴᠢᠶᠡᠨ ᠳᠤ ᠬᠢ ᠪᠡᠯᠡ ᠮᠥᠩᠭᠦ ᠶᠢᠨ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠣᠯᠭᠤᠬᠤ ᠠᠷᠭ᠎ᠠ ᠮᠠᠶ᠋ᠢᠭ ᠢ ᠡᠯ᠎ᠡ ᠠᠶᠢᠮᠠᠭ ᠬᠤᠲᠠ ᠠᠴᠠ 2021 ᠣᠨ ᠤ ᠬᠠᠮᠢᠶ᠎ᠠ ᠪᠦᠬᠦᠢ ᠠᠵᠢᠯ ᠤᠨ ᠰᠠᠭᠤᠷᠢᠨ ᠳᠡᠭᠡᠷ᠎ᠡ ᠪᠣᠳᠠᠲᠠᠢ ᠲᠠᠢ ᠪᠠᠨ ᠤᠶᠠᠯᠳᠤᠭᠤᠯᠤᠨ ᠲᠡᠭᠦᠯᠳᠡᠷᠵᠢᠭᠦᠯᠦᠨ᠎ᠡ᠃  ᠨᠥᠬᠦᠪᠦᠷᠢ ᠶᠢᠨ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠢᠯᠡ ᠪᠣᠯᠭᠠᠵᠤ᠂ ︽ᠨᠢᠭᠡ ᠺᠠᠷᠲ ᠢᠶᠠᠷ ᠰᠢᠭᠤᠳ ᠣᠯᠭᠤᠬᠤ︾ ᠨᠥᠬᠦᠪᠦᠷᠢ ᠶᠢᠨ ᠠᠷᠭ᠎ᠠ ᠮᠠᠶ᠋ᠢᠭ ᠪᠤᠶᠤ ᠵᠥᠪᠳᠡᠯᠴᠡᠵᠦ ᠪᠠᠶᠢᠭᠠᠳ ᠭᠠᠵᠠᠷ ᠤᠨ ᠲᠦᠷᠢᠶᠡᠰᠦ ᠶᠢ ᠪᠠᠭᠠᠰᠬᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠠᠮᠤ ᠪᠤᠳᠠᠭ᠎ᠠ ᠳᠠᠷᠢᠬᠤ ᠲᠠᠷᠢᠶᠠᠴᠢᠳ‌‍ᠲ᠋ᠤ ᠵᠢᠩᠬᠢᠨᠢ ᠠᠰᠢᠭ ᠬᠦᠷᠲᠡᠭᠡᠬᠦ ᠬᠡᠷᠡᠭᠲᠡᠢ     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠠᠷᠬᠠᠭᠠᠬᠤ ᠶᠠᠪᠤᠴᠠ ᠶᠢ ᠵᠢᠷᠤᠮᠵᠢᠭᠤᠯᠤᠨ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠭᠥᠷᠳᠡᠭᠰᠡᠨ ᠲᠥᠷᠥᠭᠳᠡᠯ ᠢ  ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃ ᠣᠳᠣᠬᠠᠨ ᠳᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠨᠥᠬᠦᠪᠦᠷᠢ ᠶᠢᠨ ᠪᠡᠯᠡ ᠮᠥᠩᠭᠦ ᠶᠢ ᠨᠢᠭᠡᠨᠲᠡ ᠡᠯ᠎ᠡ ᠠᠶᠢᠮᠠᠭ ᠬᠤᠲᠠ ᠳᠤ ᠪᠠᠭᠤᠯᠭᠠᠭᠰᠠᠨ ᠪᠥᠭᠡᠳ ᠡᠯ᠎ᠡ ᠠᠶᠢᠮᠠᠭ ᠬᠤᠲᠠ ᠶᠢ  ᠱᠠᠯᠠᠪᠳᠠᠭᠤᠯᠤᠨ ᠠᠵᠢᠯ ᠢ ᠨᠢ ᠰᠠᠶᠢᠲᠤᠷ ᠬᠢᠯᠭᠡᠵᠦ᠂ ᠨᠥᠬᠦᠪᠦᠷᠢ ᠶᠢᠨ ᠪᠡᠯᠡ ᠮᠥᠩᠭᠦ ᠶᠢ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠭᠠᠷ ᠲᠤ ᠴᠠᠭ ᠲᠤᠬᠠᠢ ᠳᠤ ᠨᠢ ᠲᠠᠷᠬᠠᠭᠠᠬᠤ ᠪᠤᠯᠤᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号