ᠸᠠᠩ ᠯᠢ ᠰᠢᠶᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠨᠡᠶᠢᠳᠡᠯᠡᠭᠰᠡᠨ ᠨᠡᠶᠢᠳᠡᠯᠢᠭ ᠬᠡᠷᠡᠭ ᠢ ᠲᠤᠬᠠᠢ ᠶᠢᠨ ᠭᠠᠵᠠᠷ ᠲᠤ ᠨᠢ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2022/5/9
     5 ᠳ᠋ᠤᠭᠠᠷ ᠰᠠᠷ᠎ᠠ ᠶᠢᠨ 6 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠰᠬᠠᠶᠢᠯᠠᠨ ᠬᠡᠰᠢᠭᠲᠡᠨ ᠬᠤᠰᠢᠭᠤᠨ ᠳᠤ ᠬᠦᠷᠴᠦ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠵᠠᠷᠯᠠᠨ ᠮᠡᠳᠡᠭᠳᠡᠭᠰᠡᠨ ᠬᠤᠨᠭ᠍ᠭᠤ ᠶᠢᠨ ᠲᠠᠪᠠᠭᠠᠨ ᠤ ᠲᠡᠮᠦᠷ ᠤᠨ ᠠᠭᠤᠷᠬᠠᠢ ᠶᠢᠨ ᠣᠷᠣᠨ ᠤ ᠲᠣᠭᠲᠠᠭᠠᠯ ᠠᠴᠠ ᠵᠥᠷᠢᠴᠡᠨ ᠤᠯᠤᠰ ᠤᠨ ᠣᠶ ᠰᠢᠭᠤᠢ ᠶᠢᠨ ᠴᠡᠴᠡᠷᠯᠢᠭ ᠢ ᠡᠵᠡᠯᠡᠨ ᠬᠡᠷᠡᠭᠯᠡᠭᠰᠡᠨ᠂ ᠠᠮᠢ ᠠᠬᠤᠢ ᠶᠢ ᠡᠪᠳᠡᠭᠰᠡᠨ ᠠᠰᠠᠭᠤᠳᠠᠯ ᠤᠨ ᠲᠣᠪᠣᠶᠢᠮ᠎ᠠ ᠨᠡᠶᠢᠲᠡᠯᠢᠭ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ ᠵᠢᠯᠣᠭᠤᠳᠪᠠ᠃  ᠸᠠᠩ ᠯᠢ ᠰᠢᠶ᠋ᠨ ᠴᠢᠬᠤᠯᠠᠴᠢᠯᠠᠬᠰᠠᠨ ᠨᠢ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ᠂ ᠤᠯᠤᠰ ᠲᠦᠷᠦ ᠶᠢᠨ ᠲᠠᠯ᠎ᠠ ᠠᠴᠠ ᠥᠭᠡᠷᠡᠴᠢᠯᠡᠬᠦ ᠶᠢ ᠪᠠᠷᠢᠮᠲᠠᠯᠠᠵᠤ᠂ ᠭᠦᠨᠵᠡᠭᠡᠢ ᠲᠤᠩᠭᠠᠨ ᠪᠣᠳᠣᠯᠬᠢᠯᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠡᠰ ᠳᠡᠪᠰᠢᠭᠦᠯᠦᠨ ᠪᠠᠷᠢᠮᠵᠢᠶ᠎ᠠ ᠶᠢ ᠳᠡᠭᠡᠭᠰᠢᠯᠡᠭᠦᠯᠦᠨ ᠰᠢᠢᠳᠪᠦᠷᠢᠯᠡᠵᠦ᠂ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠷᠢᠭᠤᠴᠠᠯᠭ᠎ᠠ ᠶᠢ ᠪᠦᠬᠦ ᠬᠡᠯᠬᠢᠶ᠎ᠡ ᠪᠠᠷ  ᠨᠠᠶᠢᠳᠠᠪᠤᠷᠢᠵᠢᠭᠤᠯᠵᠤ᠂ ᠡᠷᠡᠰ ᠪᠠᠲᠤ ᠡᠷᠡᠰ ᠰᠢᠭᠤᠷᠬᠠᠢ ᠪᠠᠷ ᠴᠡᠭᠴᠡᠯᠡᠨ ᠰᠠᠶᠢᠵᠢᠷᠠᠭᠤᠯᠬᠤ ᠶᠢ ᠶᠤᠰᠤᠴᠢᠯᠠᠨ ᠰᠠᠶᠢᠲᠤᠷ ᠠᠳᠬᠤᠬᠤ ᠬᠡᠷᠡᠭᠲᠡᠢ᠃   ᠸᠠᠩ ᠯᠢ ᠰᠢᠶᠠ ᠪᠠᠷᠠᠭᠤᠨ ᠬᠤᠶᠢᠲᠤ ᠶᠢᠨ ᠠᠭᠤᠷᠬᠠᠢ ᠶᠢᠨ ᠦᠢᠯᠡᠰ ᠤᠨ ᠵᠢᠷᠭᠤᠳᠤᠭᠠᠷ ᠲᠣᠭᠤᠷᠢᠭ‌‍ᠤᠨ ᠤᠰᠤ ᠶᠢ ᠰᠢᠢᠳᠪᠦᠷᠢᠯᠡᠬᠦ ᠦᠷᠳᠡᠭᠡ ᠳᠤ ᠬᠦᠷᠴᠦ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠭᠠᠷ ᠤᠷᠠᠯᠠᠯ ᠤᠨ ᠶᠠᠪᠤᠴᠠ ᠪᠠ ᠤᠰᠤᠨ ᠤ ᠴᠢᠨᠠᠷ ᠤᠨ ᠬᠤᠪᠢᠷᠠᠯᠲᠠ ᠶᠢᠨ ᠪᠠᠶᠢᠳᠠᠯ ᠢ  ᠤᠶᠢᠯᠠᠭᠠᠬᠤ ᠳᠤ ᠪᠠᠨ ᠰᠢᠢᠳᠪᠦᠷᠢᠯᠡᠬᠦ ᠲᠥᠬᠦᠭᠡᠷᠦᠮᠵᠢ  ᠶᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠬᠠᠶᠠᠭᠳᠠᠮᠠᠯ ᠤᠰᠤᠨ ᠤ ᠭᠠᠳᠠᠭᠰᠢᠯᠠᠭᠤᠯᠤᠯᠲᠠ ᠪᠠᠷᠢᠮᠵᠢᠶ᠎ᠠ ᠳᠤ ᠬᠦᠷᠦᠭᠰᠡᠨ ᠢ ᠮᠡᠳᠡᠭᠡᠳ ᠸᠠᠩ ᠯᠢ ᠰᠢᠶᠠ᠄ ︽ᠤᠭ ᠨᠢ ᠡᠲᠡᠭᠡᠷ ᠠᠵᠢᠯ ᠢ ᠶᠠᠭᠠᠬᠢᠭᠠᠳ ᠬᠢᠵᠦ ᠪᠠᠶᠢᠭᠰᠠᠨ ᠦᠭᠡᠢ ᠪᠣᠶ︖︾  ᠬᠡᠵᠡᠢ᠃ ᠠᠵᠤ ᠠᠬᠤᠶᠢᠯᠠᠯ ᠤᠨ ᠤᠰᠤᠨ ᠤ ᠴᠢᠨᠠᠷ ᠤᠨ ᠬᠢᠨᠠᠨ ᠬᠡᠮᠵᠢᠯᠲᠡ ᠶᠢ ᠪᠠᠶᠢᠴᠠᠭᠠᠨ ᠦᠵᠡᠭᠰᠡᠨ  ᠤ ᠪᠠᠨ ᠲᠠᠷᠠᠭ᠎ᠠ ᠸᠠᠩ ᠯᠢ ᠰᠢᠶ᠋ᠨ ᠴᠢᠬᠤᠯᠠᠴᠢᠯᠠᠭᠰᠠᠨ ᠨᠢ᠂ ᠴᠡᠭᠴᠡᠯᠡᠨ ᠰᠠᠶᠢᠵᠢᠷᠠᠭᠤᠯᠬᠤ ᠳᠤ ᠶᠠᠭᠠᠬᠢᠬᠰᠠᠨ ᠴᠦ ᠬᠡᠯᠪᠡᠷᠢ ᠶᠢᠨ ᠲᠡᠳᠦᠢ ᠪᠠᠶᠢᠵᠤ ᠪᠣᠯᠬᠤ ᠦᠭᠡᠢ᠂ ᠥᠩᠭᠡᠨ ᠲᠠᠯ᠎ᠠ ᠶᠢᠨ ᠠᠵᠢᠯ ᠬᠢᠵᠦ ᠪᠣᠯᠬᠤ ᠦᠭᠡᠢ᠂ ᠡᠷᠬᠡᠪᠰᠢ  ᠦᠨᠡᠨ ᠬᠦ ᠴᠡᠭᠴᠡᠯᠡᠨ ᠰᠠᠶᠢᠵᠢᠷᠠᠭᠤᠯᠵᠤ᠂ ᠪᠤᠳᠠᠳᠠᠶᠢᠵᠢᠳᠠᠯ᠎ᠠ ᠥᠭᠡᠷᠡᠴᠢᠯᠡᠬᠦ ᠬᠡᠷᠡᠭᠲᠡᠢ᠃ ᠠᠵᠤ ᠠᠬᠤᠶᠢᠯᠠᠯ ᠤᠨ ᠭᠠᠳᠠᠭᠰᠢᠯᠠᠭᠤᠯᠤᠭᠰᠠᠨ ᠪᠣᠬᠢᠷ ᠤᠰᠤ ᠶᠢ ᠴᠠᠭ ᠲᠤᠬᠠᠢ ᠳᠤ ᠨᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠪᠦᠲᠦᠮᠵᠢᠲᠡᠶ ᠪᠠᠷ ᠴᠡᠪᠡᠷᠰᠢᠭᠦᠯᠦᠨ ᠰᠢᠢᠳᠪᠦᠷᠢᠯᠡᠵᠦ᠂ ᠠᠳᠠᠯᠢᠬᠠᠨ ᠠᠰᠠᠭᠤᠳᠠᠯ ᠲᠠᠬᠢᠨᠳᠠ ᠡᠭᠦᠰᠬᠦ ᠦᠭᠡᠢ ᠶᠢ  ᠦᠨᠡᠨ ᠬᠦ ᠪᠠᠲᠤᠯᠠᠬᠤ ᠬᠡᠷᠡᠭᠲᠡᠢ᠃    ᠪᠠᠷᠠᠭᠤᠨ ᠬᠤᠶᠢᠲᠤ ᠶᠢᠨ ᠠᠭᠤᠷᠬᠠᠢ ᠶᠢᠨ ᠦᠢᠯᠡᠰ ᠤᠨ ᠳᠣᠯᠣᠳᠤᠭᠠᠷ ᠲᠣᠭᠤᠷᠢᠭ ᠲᠤ᠂ ᠸᠠᠩ ᠯᠢ ᠰᠢᠶᠠ ᠬᠠᠶᠠᠭᠳᠠᠮᠠᠯ ᠴᠢᠯᠠᠭᠤ ᠶᠢ ᠠᠳᠡ ᠲᠡᠨᠳᠡ ᠦᠬᠡᠢ ᠬᠠᠶᠠᠵᠤ ᠪᠠᠶᠢᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠪᠠ᠃ ᠬᠠᠶᠠᠬᠳᠠᠮᠠᠯ ᠴᠢᠯᠠᠭᠤ ᠶᠢ ᠴᠡᠪᠡᠷᠯᠡᠭᠰᠡᠨ ᠲᠡᠳᠤᠢ ᠦᠬᠡᠢ  ᠴᠢᠬᠢ ᠮᠣᠳᠣ ᠳᠠᠷᠢᠭᠰᠠᠨ ᠢ ᠦᠵᠡᠭᠡᠳ᠂ ᠰᠢᠷᠣᠢ ᠶᠢᠨ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠭᠦᠢᠴᠡᠳ ᠤᠤ᠂ ᠦᠬᠡᠢ ᠤᠤ︖ ᠴᠢᠬᠢ  ᠮᠣᠳᠣ ᠶᠢ ᠤᠷᠭᠤᠭᠤᠯᠵᠤ ᠴᠢᠳᠠᠨ᠎ᠠ ᠤᠤ᠂ ᠦᠭᠡᠢ ᠤᠤ︖ ᠣᠢ ᠰᠢᠭᠤᠢ ᠶᠢᠨ ᠴᠡᠴᠡᠷᠯᠢᠭ ᠲᠤ ᠬᠠᠶᠠᠬᠳᠠᠮᠠᠯ ᠴᠢᠯᠠᠭᠤ ᠣᠪᠣᠭᠠᠯᠠᠭᠰᠠᠨ ᠭᠠᠵᠠᠷ ᠦᠬᠡᠷ᠎ᠡ ᠪᠠᠶᠢᠨ᠎ᠠ ᠤᠤ᠂ ᠦᠬᠡᠢ ᠤᠤ︖ ᠬᠡᠬᠦᠴᠢᠯᠡᠨ ᠠᠰᠠᠭᠤᠵᠠᠢ᠃ ᠸᠠᠩ ᠯᠢ ᠰᠢᠶᠠ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠨᠣᠭᠤᠭᠠᠷᠠᠭᠤᠯᠤᠯᠲᠠ ᠶᠢᠨ ᠲᠦᠷᠦᠯ ᠤᠨ ᠡᠪᠡᠰᠦᠨ ᠦᠷ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠢᠮᠳᠠ ᠪᠥᠭᠡᠳ ᠵᠦᠢ ᠵᠣᠬᠢᠰᠲᠠᠢ ᠠᠮᠢᠳᠤ ᠪᠣᠳᠠᠰ ᠪᠠ ᠢᠨᠵᠧᠨᠧᠷᠢᠩ ᠤᠨ ᠠᠷᠭ᠎ᠠ ᠬᠡᠮᠵᠢᠶ᠎ᠡ ᠪᠠᠷ ᠶᠡᠷᠦᠩᠬᠡᠶᠢᠯᠡᠨ ᠵᠠᠰᠠᠵᠤ᠂ ᠣᠶᠢᠲᠤ ᠭᠠᠵᠠᠷ ᠤᠨ ᠠᠮᠢ ᠠᠬᠤᠢ ᠶᠢᠨ ᠴᠢᠳᠠᠪᠬᠢ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠦᠭᠡᠬᠦ ᠬᠡᠷᠡᠭᠲᠡᠢ᠃    ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠤᠨᠭ᠍ᠭᠤ ᠶᠢᠨ ᠲᠠᠪᠠᠭ᠎ᠠ ᠠᠭᠤᠷᠬᠠᠢ ᠶᠢᠨ ᠦᠢᠯᠡᠰ ᠤᠨ ᠵᠠᠳᠠᠭᠠᠢ ᠮᠠᠯᠲᠠᠬᠤ ᠲᠠᠯᠠᠪᠠᠢ ᠶᠢᠨ ᠠᠮᠢ ᠠᠬᠤᠢ ᠶᠢᠨ ᠰᠡᠷᠭᠦᠭᠡᠯᠲᠡ ᠶᠢ ᠭᠦᠢᠴᠡᠳ ᠬᠢᠭᠰᠡᠨ ᠦᠭᠡᠢ ᠭᠡᠵᠤ ᠵᠢᠭᠠᠵᠤ ᠭᠠᠷᠭᠠᠬᠰᠠᠨ ᠶᠤᠮ᠃ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠦᠷᠴᠦ᠂ ᠭᠤᠤ ᠭᠠᠨᠭ᠍ᠭ᠎ᠠ ᠰᠢᠭ᠋ ᠲᠤᠮᠤ ᠵᠠᠳᠠᠭᠠᠢ ᠠᠭᠤᠷᠬᠠᠢ ᠶᠢᠨ ᠨᠦᠬᠡ ᠶᠢ  ᠬᠠᠷᠠᠭᠠᠳ᠂  ᠡᠷᠡᠰ ᠪᠠᠳᠤ ᠤᠪᠤᠷ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠨᠢ ᠶᠤᠰᠤᠴᠢᠯᠠᠨ ᠬᠢᠬᠦ ᠬᠡᠷᠡᠭᠲᠡᠢ ᠭᠡᠵᠦ ᠲᠥᠪ ᠴᠢᠩᠭ᠎ᠠ ᠪᠠᠷ ᠵᠢᠭᠠᠬᠰᠠᠨ ᠪᠦᠬᠡᠳ ᠠᠭᠤᠷᠬᠠᠢ ᠶᠢᠨ ᠣᠷᠣᠨ ᠤ ᠨᠣᠭᠤᠭᠠᠷᠠᠭᠤᠯᠤᠯᠲᠠ ᠶᠢ ᠰᠡᠷᠭᠦᠭᠡᠬᠦ ᠳᠤ ᠲᠤᠬᠠᠢ ᠶᠢᠨ ᠭᠠᠵᠠᠷ ᠣᠷᠣᠨ ᠤ ᠪᠠᠶᠢᠳᠠᠯ  ᠲᠣᠬᠢᠷᠠᠭᠤᠯᠤᠨ᠂ ᠨᠠᠷᠢᠯᠢᠭ ᠣᠨᠣᠴᠠᠲᠠᠢ ᠪᠠᠷ ᠵᠠᠰᠠᠵᠤ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠣᠶᠢᠵᠢᠭᠤᠯᠵᠤ᠂ ᠤᠷᠭᠤᠮᠠᠯ ᠬᠤᠴᠢᠯᠭ᠎ᠠ ᠶᠢ  ᠨᠢ ᠰᠡᠷᠬᠦᠬᠡᠬᠦ ᠴᠢᠬᠤᠯᠠᠳᠠᠢ ᠶᠢ ᠨᠢ ᠤᠷᠭᠤᠮᠠᠯ ᠬᠤᠴᠢᠯᠭ᠎ᠠ ᠶᠢ ᠨᠢ ᠰᠡᠷᠬᠦᠬᠡᠬᠦ ᠬᠡᠷᠡᠭᠳᠡᠢ᠂  ᠪᠦᠭᠯᠡᠬᠡᠳ ᠯᠨ ᠪᠤᠯᠭᠠᠴᠢᠬᠠᠬᠤ ᠪᠤᠶᠤ ᠴᠢᠨᠠᠭᠰᠢᠯᠠᠪᠠᠯ ᠰᠢᠨ᠎ᠡ ᠨᠦᠬᠡ ᠮᠠᠯᠲᠠᠵᠤ ᠬᠠᠭᠤᠴᠢᠨ ᠨᠦᠬᠡ ᠶᠢ ᠪᠥᠭᠯᠡᠵᠦ ᠶᠠᠭᠠᠬᠢᠭᠰᠠᠨ ᠴᠤ ᠪᠣᠯᠬᠤ ᠦᠭᠡᠢ᠂  ᠠᠮᠢ ᠠᠬᠤᠢ ᠶᠢ ᠲᠠᠬᠢᠨ ᠡᠪᠳᠡᠵᠦ ᠶᠠᠭᠠᠬᠢᠭᠰᠠᠨ ᠴᠤ ᠪᠣᠯᠬᠤ ᠦᠭᠡᠢ ᠭᠡᠵᠤ ᠴᠢᠩᠭ᠎ᠠ ᠱᠠᠭᠠᠷᠳᠠᠵᠠᠢ     ᠬᠤᠨᠭ᠍ᠭᠤ ᠶᠢᠨ ᠲᠠᠪᠠᠭᠠᠨ ᠤ ᠠᠭᠤᠷᠬᠠᠢ ᠶᠢᠨ ᠦᠢᠯᠡᠰ ᠤᠨ ᠰᠤᠳᠤᠯᠭᠠᠨ ᠤ ᠲᠥᠪ ᠲᠤ ᠸᠠᠩ ᠯᠢ ᠰᠢᠶ᠋ᠨ ᠠᠭᠤᠷᠬᠠᠢ ᠶᠢᠨ ᠣᠷᠣᠨ ᠤ ᠲᠡᠦᠬᠡ ᠶᠢᠨ ᠬᠤᠪᠢᠷᠠᠯᠲᠠ ᠪᠣᠯᠣᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠤᠶᠢᠯᠠᠭᠠᠪᠠ᠃ ᠸᠠᠩ ᠯᠢ ᠰᠢᠶ᠋ᠨ ᠱᠠᠭᠠᠷᠳᠠᠬᠰᠠᠨ ᠨᠢ᠂ ᠠᠭᠤᠷᠬᠠᠢ ᠶᠢᠨ ᠠᠵᠤ ᠠᠬᠤᠶᠢᠯᠠᠯ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ  ᠬᠡᠤᠬᠡᠳ ᠠᠴᠢ  ᠳᠤ ᠪᠠᠨ ᠦᠪᠯᠡᠬᠦ ᠦᠪ ᠬᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠭᠡᠭᠡᠨ ᠮᠠᠯᠲᠠᠬᠤ ᠶᠢᠨ ᠳᠠᠭᠠᠤ ᠵᠠᠰᠠᠵᠤ᠂ ᠵᠠᠰᠠᠬᠤ ᠶᠢᠨ ᠶᠢᠨ ᠳᠠᠭᠠᠤ ᠰᠡᠷᠭᠦᠭᠡᠬᠦ ᠶᠢ ᠪᠡᠶᠡᠯᠡᠭᠦᠯᠵᠦ᠂ ᠠᠭᠤᠷᠬᠠᠢ ᠶᠢᠨ ᠭᠠᠷᠤᠯᠲᠠ ᠶᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠷᠢᠯᠴᠠᠨ ᠵᠣᠬᠢᠴᠠᠭᠤᠯᠬᠤ ᠶᠢ ᠠᠬᠢᠭᠤᠯᠬᠤ ᠬᠡᠷᠡᠭᠲᠡᠢ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠤᠯᠠᠭᠠᠨᠬᠠᠳᠠ ᠬᠤᠳᠠ ᠶᠢᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃        
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号