ᠮᠠᠨ ᠤ ᠤᠷᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ   ᠳᠤ ᠬᠢ ᠡᠨᠧᠷᠭᠢ ᠠᠷᠪᠢᠯᠠᠵᠤ ᠪᠣᠬᠢᠷᠳᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/6/13
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠤᠣᠯ ᠬᠠᠷᠠᠯᠲᠠ ᠶᠢ ᠲᠣᠳᠣᠷᠬᠠᠶᠢᠯᠠᠪᠠ᠄ 2025 ᠣᠨ ᠪᠣᠯᠬᠤ ᠳᠤ᠂ ᠪᠥᠬᠦ ᠣᠷᠣᠨ ᠤ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠡᠨᠧᠷᠭᠢ ᠶᠢᠨ ᠬᠤᠷᠣᠭᠳᠠᠯ ᠢ 2020 ᠣᠨ ᠤ ᠬᠢ ᠠᠴᠠ 15% ᠪᠠᠷ ᠪᠠᠭᠤᠷᠠᠭᠤᠯᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠵᠦᠢ ᠵᠣᠬᠢᠰᠲᠠᠢ ᠬᠢᠵᠠᠭᠠᠷᠯᠠᠵᠤ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ᠂ ᠠᠽᠣᠲ ᠤᠨ ᠢᠰᠦᠮᠡᠭ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ 2020 ᠣᠨ ᠤ ᠬᠢ ᠠᠴᠠ ᠲᠣᠰ ᠲᠣᠰ 8%᠂ 8%᠂ 10%᠂ 10% ᠠᠴᠠ ᠳᠡᠭᠡᠭᠰᠢ ᠪᠠᠭᠤᠷᠠᠭᠤᠯᠤᠨ᠎ᠠ᠃    ᠡᠨᠡ ᠪᠣᠯ ᠰᠤᠷᠪᠤᠯᠵᠢᠯᠠᠭᠴᠢ 6 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠦᠪᠤᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠮᠡᠳᠡᠭᠡ ᠪᠤᠯᠬᠤ ᠶᠤᠮ᠃    ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ︾ ᠨᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠠᠷᠪᠢᠯᠠᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ  ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠲᠥᠰᠥᠯ︾ ᠢᠶᠠᠷ ᠰᠠᠭᠤᠷᠢ ᠪᠠᠷᠢᠮᠵᠢᠶ᠎ᠠ ᠪᠣᠯᠭᠠᠵᠤ᠂ ᠨᠢᠭᠡᠨᠲᠡ ᠳᠠᠷᠤᠮᠠᠯᠯᠠᠨ ᠲᠠᠷᠬᠠᠭᠠᠭᠰᠠᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠲᠥᠯᠪᠦᠷᠢ᠂ ᠬᠤᠯᠪᠣᠭᠳᠠᠯ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠠᠭᠤᠯᠭ᠎ᠠ ᠪᠠᠷ ᠯᠠᠪᠯᠠᠯᠲᠠ ᠪᠣᠯᠭᠠᠵᠤ᠂ ᠮᠠᠨ ᠤ ᠣᠷᠣᠨ ᠤ ᠪᠣᠳᠠᠲᠠᠢ ᠲᠠᠢ ᠭᠦᠢᠴᠡᠳ ᠤᠶᠠᠯᠳᠤᠭᠤᠯᠤᠨ᠂ ᠤᠯᠤᠰ ᠤᠨ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠬᠤ ᠪᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠤᠯᠤᠰ  ᠠᠴᠠ ᠪᠠᠶᠢᠷᠢᠯᠠᠭᠤᠯᠤᠭᠰᠠᠨ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠮᠠᠨ ᠤ ᠣᠷᠣᠨ ᠳᠤ ᠨᠠᠷᠢᠯᠢᠭ ᠣᠨᠣᠴᠠᠲᠠᠢ ᠲᠤᠭᠤᠷᠰᠢᠯᠠᠭᠤᠯᠤᠨ ᠨᠠᠶᠢᠳᠠᠪᠤᠷᠢᠵᠢᠭᠤᠯᠬᠤ ᠶᠢ  ᠦᠨᠡᠨ ᠬᠦ ᠪᠠᠳᠤᠯᠠᠬᠰᠠᠨ ᠶᠤᠮ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ︾ ᠳᠤ ᠨᠡᠶᠢᠲᠡ ᠳᠥᠷᠪᠡᠨ ᠶᠡᠭᠡ ᠠᠭᠤᠯᠭ᠎ᠠ ᠶᠢ ᠪᠠᠭᠳᠠᠭᠠᠪᠠ᠂ ᠡᠬᠦᠨ ᠳᠤ ᠵᠢᠯᠤᠭᠤᠳᠬᠤ ᠦᠵᠡᠯ ᠰᠠᠨᠠᠭ᠎ᠠ ᠪᠠ ᠭᠤᠣᠯ ᠬᠠᠷᠠᠯᠲᠠ᠂ ᠠᠷᠪᠠᠨ ᠵᠦᠢᠯ ᠤᠨ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠤᠨ ᠲᠣᠬᠢᠷᠠᠭᠤᠯᠤᠯᠲᠠ ᠪᠣᠯᠭᠠᠵᠤ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠪᠦᠷᠢᠨᠰᠢᠭᠦᠯᠬᠦ ᠪᠠᠷ ᠳᠤᠷᠠᠳᠤᠨ ᠭᠠᠷᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠯ᠎ᠡ ᠠᠶᠢᠮᠠᠭ ᠬᠤᠲᠠ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠪᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠠᠵᠢᠯ ᠲᠥᠷᠥᠯ ᠤᠨ ᠡᠨᠧᠷᠭᠢ ᠠᠷᠪᠢᠯᠠᠬᠤ ᠭᠦᠢᠴᠡᠳᠬᠡᠯ ᠲᠤᠭ᠎ᠠ ᠶᠢ ᠬᠤᠪᠢᠶᠠᠷᠢᠯᠠᠨ ᠪᠠᠭᠤᠯᠭᠠᠪᠠ᠃     ᠡᠭᠦᠨ ᠳᠤ᠂ ᠡᠨᠧᠷᠭᠢ ᠠᠷᠪᠢᠯᠠᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ  ᠶᠢ ᠪᠠᠭᠠᠰᠬᠠᠬᠤ ᠠᠷᠪᠠᠨ ᠵᠦᠢᠯ ᠤᠨ ᠭᠤᠣᠯᠳᠠᠯᠭ᠎ᠠ  ᠲᠠᠢ ᠢᠨᠵᠧᠨᠧᠷᠢᠩ ᠪᠣᠯ ᡺ᠭᠤᠣᠯᠳᠠᠯᠭ᠎ᠠ  ᠲᠠᠢ ᠠᠵᠢᠯ ᠲᠥᠷᠥᠯ ᠤᠨ ᠪᠣᠬᠢᠷᠳᠤᠯ ᠦᠭᠡᠢ ᠪᠠᠷ ᠳᠡᠰ ᠳᠡᠪᠰᠢᠭᠦᠯᠬᠦ ᠢᠨᠵᠧᠨᠧᠷᠢᠩ᠂ ᠬᠦᠷᠢᠶᠡᠯᠡᠩ ᠲᠣᠭᠤᠷᠢᠭ  ᠤᠨ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ  ᠶᠢ ᠳᠡᠭᠡᠭᠰᠢᠯᠡᠭᠦᠯᠬᠦ ᠢᠨᠵᠧᠨᠧᠷᠢᠩ᠂ ᠬᠤᠲᠠ ᠪᠠᠯᠭᠠᠰᠤ ᠶᠢᠨ ᠪᠣᠬᠢᠷᠳᠤᠯ ᠦᠭᠡᠢ ᠡᠨᠧᠷᠬᠢ  ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ᠂ ᠵᠠᠮ ᠬᠠᠷᠢᠯᠴᠠᠭ᠎ᠠ ᠪᠠᠷᠠᠭᠠᠨ  ᠤ ᠭᠦᠢᠯᠭᠡᠭᠡᠨ ᠤ ᠡᠨᠧᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠢᠨᠵᠧᠨᠧᠷᠢᠩ᠂ ᠲᠠᠷᠢᠶᠠᠯᠠᠩ ᠮᠠᠯ ᠠᠵᠤ ᠠᠬᠤᠢ  ᠶᠢᠨ ᠡᠨᠧᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠢᠨᠵᠧᠨᠧᠷᠢᠩ᠂ ᠤᠯᠠᠨ ᠨᠡᠶᠢᠳᠡ  ᠶᠢᠨ ᠪᠠᠶᠢᠭᠤᠯᠤᠮᠵᠢ  ᠶᠢᠨ ᠡᠨᠧᠷᠬᠢ  ᠶᠢᠨ ᠠᠰᠢᠭᠯᠠᠮᠵᠢ ᠶᠢ ᠳᠡᠭᠡᠭᠰᠢᠯᠡᠭᠦᠯᠬᠦ ᠢᠨᠵᠧᠨᠧᠷᠢᠩ᠂  ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷ ᠪᠣᠳᠠᠰ ᠢ ᠭᠠᠳᠠᠭᠰᠢᠯᠠᠭᠤᠯᠬᠤ ᠬᠡᠮᠵᠢᠶ᠎ᠡ  ᠶᠢ ᠪᠠᠭᠠᠰᠬᠠᠬᠤ ᠢᠨᠵᠧᠨᠧᠷᠢᠩ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠠᠰᠢᠭᠯᠠᠬᠤ ᠢᠨᠵᠧᠨᠧᠷᠢᠩ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ  ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ᠂ ᠣᠷᠴᠢᠨ ᠲᠣᠭᠤᠷᠢᠨ ᠤ ᠰᠠᠭᠤᠷᠢ ᠲᠦᠬᠦᠬᠡᠷᠤᠮᠵᠢ  ᠶᠢᠨ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠵᠡᠷᠬᠡ ᠪᠤᠯᠤᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号