ᠮᠠᠨ ᠤ ᠣᠷᠣᠨ ︽ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠬᠦᠨᠳᠦ ᠤᠨᠴᠠᠭᠠᠢ ᠡᠪᠡᠳᠴᠢᠨ ᠡᠮᠬᠡᠭ ᠤᠨ ᠲᠤᠬᠠᠢ ᠡᠮᠴᠢᠯᠡᠭᠡᠨ ᠤ ᠳᠠᠭᠠᠳᠬᠠᠯ ᠪᠠ ᠲᠤᠰᠠᠯᠠᠮᠵᠢ ᠶᠢᠨ ᠳᠦᠷᠢᠮ ᠢ  ᠪᠦᠷᠢᠨᠰᠢᠬᠦᠯᠪᠡ
ᠨᠡᠶᠢᠲᠡᠯᠡᠭᠰᠡᠨ ᠴᠠᠭ᠄
2022/7/12
    7 ᠰᠠᠷ᠎ᠠ ᠶᠢᠨ 8 ᠤ ᠡᠳᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠤᠨᠴᠠᠭᠠᠢ ᠡᠪᠡᠳᠴᠢᠨ ᠡᠮᠭᠡᠭ ᠤᠨ ᠲᠤᠬᠠᠢ ᠡᠮ ᠡᠮᠨᠡᠯᠭᠡ ᠶᠢᠨ ᠳᠠᠭᠠᠳᠬᠠᠯ ᠪᠠ ᠲᠤᠰᠠᠯᠠᠮᠵᠢ ᠶᠢᠨ ᠳᠦᠷᠢᠮ ᠢ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠬᠦᠨᠳᠦ ᠤᠨᠴᠠᠭᠠᠢ ᠡᠪᠡᠳᠴᠢᠨ ᠡᠮᠬᠡᠭ ᠤᠨ ᠲᠤᠬᠠᠢ ᠡᠮᠴᠢᠯᠡᠭᠡᠨ ᠤ ᠳᠠᠭᠠᠳᠬᠠᠯ ᠪᠠ  ᠲᠤᠰᠠᠯᠠᠮᠵᠢ ᠶᠢᠨ ᠳᠦᠷᠢᠮ ᠢ ᠪᠦᠷᠢᠨᠰᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠢᠷᠡᠬᠦ ᠵᠢᠯ ᠤᠨ 1 ᠳ᠋ᠤᠬᠡᠷ ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ  ᠲᠤᠰᠠᠯᠠᠮᠵᠢ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠷᠠᠭᠤᠯᠤᠨ᠂ ᠬᠦᠴᠢᠷᠳᠡᠯᠲᠡᠢ ᠣᠯᠠᠨ ᠲᠦᠮᠡᠨ ᠤ ᠬᠦᠨᠳᠦ ᠤᠨᠴᠠᠭᠠᠢ ᠡᠪᠡᠳᠴᠢᠨ ᠡᠮᠭᠡᠭ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ  ᠴᠢᠨᠠᠬᠰᠢᠳᠠ ᠬᠥᠩᠭᠡᠷᠡᠭᠦᠯᠵᠦ᠂ ᠬᠦᠨᠳᠦ ᠤᠨᠴᠠᠭᠠᠢ ᠡᠪᠡᠳᠴᠢᠨ ᠡᠮᠭᠡᠭ ᠠᠴᠠ ᠪᠣᠯᠵᠤ ᠦᠨᠳᠦᠰᠦᠨ ᠠᠮᠢᠳᠤᠷᠠᠯ ᠢᠶᠠᠨ ᠨᠥᠯᠥᠭᠡᠯᠡᠬᠦ ᠦᠭᠡᠢ ᠪᠠᠶᠢᠬᠤ ᠶᠢ  ᠪᠠᠳᠤᠯᠠᠬᠤ ᠪᠤᠯᠤᠨ᠎ᠠ᠃    ︽ᠬᠡᠷᠡᠭᠵᠢᠭᠦᠯᠬᠦ ᠰᠠᠨᠠᠯ︾ ᠳᠤ ᠲᠤᠰᠠᠯᠠᠮᠵᠢ ᠬᠦᠷᠳᠡᠭᠰᠡᠳ ᠤᠨ  ᠬᠦᠷᠢᠶ᠎ᠡ ᠬᠡᠪᠴᠢᠶ᠎ᠡ᠂ ᠲᠤᠰᠠᠯᠠᠬᠤ ᠪᠠᠷᠢᠮᠵᠢᠶ᠎ᠠ  ᠳᠤ ᠨᠢᠭᠡᠳᠦᠯᠲᠡᠢ ᠱᠠᠭᠠᠷᠳᠠᠯᠭ᠎ᠠ ᠳᠤᠷᠠᠳᠴᠤ᠂ ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠤ ᠡᠮ ᠡᠮᠨᠡᠯᠭᠡ ᠶᠢᠨ ᠲᠤᠰᠠᠯᠠᠮᠵᠢ ᠭᠥᠷᠳᠡᠬᠦ ᠡᠷᠬᠡ ᠠᠰᠢᠭ ᠪᠠ ᠣᠯᠭᠤᠮᠵᠢ ᠬᠠᠷᠠᠭᠠᠯᠵᠠᠯ ᠲᠥᠪ ᠭᠤᠥᠯᠴᠢ ᠪᠠᠶᠢᠬᠤ ᠶᠢ ᠪᠠᠳᠤᠯᠠᠬᠤ ᠪᠤᠯᠤᠨ᠎ᠠ᠃ ᠡᠮ ᠡᠮᠨᠡᠯᠭᠡ ᠶᠢᠨ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠶᠢ ᠲᠠᠩᠰᠠ ᠲᠠᠶᠢᠯᠤᠭᠰᠠᠨ ᠤ ᠳᠠᠷᠠᠭ᠎ᠠ᠂ ᠬᠤᠪᠢ ᠬᠥᠮᠥᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠮᠥᠨ ᠨᠡᠯᠢᠶᠡᠳ ᠬᠦᠨᠳᠦ ᠪᠠᠶᠢᠭ᠎ᠠ ᠬᠦᠴᠢᠷᠳᠡᠯᠲᠡᠢ ᠣᠯᠠᠨ ᠲᠦᠮᠡᠨ ᠳᠤ ᠲᠣᠭᠲᠠᠭᠠᠯ ᠶᠣᠰᠣᠭᠠᠷ ᠡᠮ ᠡᠮᠨᠡᠯᠭᠡ ᠶᠢᠨ ᠲᠤᠰᠠᠯᠠᠮᠵᠢ ᠣᠯᠭᠤᠨ᠎ᠠ᠃ ᠬᠦᠴᠢᠷᠳᠡᠯᠲᠡᠢ ᠣᠯᠠᠨ ᠲᠦᠮᠡᠨ ᠢ ᠲᠥᠷᠥᠯ ᠬᠤᠪᠢᠶᠠᠨ ᠲᠤᠰᠠᠯᠠᠨ ᠳᠠᠭᠠᠳᠬᠠᠯ ᠳᠤ ᠣᠷᠣᠯᠴᠠᠭᠤᠯᠵᠤ᠂ ᠬᠦᠴᠢᠷᠳᠡᠯᠲᠡᠢ ᠣᠯᠠᠨ ᠲᠦᠮᠡᠨ ᠤ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠶᠢᠨ ᠬᠠᠮᠲᠤ᠂ ᠡᠮᠴᠢᠯᠡᠭᠡᠨ ᠤ  ᠲᠤᠰᠠᠯᠠᠮᠵᠢ ᠶᠢᠨ ᠵᠠᠷᠤᠳᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠵᠡᠷᠭᠡ ᠳᠤ ᠲᠣᠳᠣᠷᠬᠠᠢ ᠱᠠᠭᠠᠷᠳᠠᠯᠭ᠎ᠠ ᠭᠠᠷᠭᠠᠪᠠ᠃ ᠡᠭᠦᠨ ᠤ ᠬᠠᠮᠲᠤ᠂ ᠡᠮᠴᠢᠯᠡᠭᠡᠨ ᠤ ᠲᠤᠰᠠᠯᠠᠮᠵᠢ ᠬᠦᠷᠳᠡᠭᠰᠡᠳ ᠤᠨ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ︽ᠡᠪᠡᠳᠴᠢᠨ ᠠᠴᠠ ᠪᠣᠯᠵᠤ ᠶᠠᠳᠠᠭᠤᠷᠠᠬᠤ︾ ᠪᠠ ︽ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ︾ ᠬᠤᠣᠰ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠥᠷᠥᠯ ᠬᠤᠪᠢᠶᠠᠨ ᠪᠦᠷᠢᠨᠰᠢᠭᠦᠯᠵᠦ᠂ ᠬᠦᠴᠢᠷᠳᠡᠯᠲᠡᠢ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠠᠷᠭᠤᠭᠤᠯᠤᠨ ᠪᠠᠶᠢᠴᠠᠭᠠᠵᠤ ᠠᠳᠠᠯᠢᠳᠬᠠᠬᠤ ᠠᠵᠢᠯ ᠢ ᠴᠢᠩᠭᠠᠳᠬᠠᠨ᠂ ᠨᠥᠬᠦᠴᠡᠯ ᠳᠤ ᠨᠡᠶᠢᠴᠡᠬᠦ ᠶᠢ ᠨᠢ ᠴᠠᠭ ᠲᠤᠬᠠᠢ ᠳᠤ ᠨᠢ ᠡᠮᠴᠢᠯᠡᠭᠡᠨ ᠤ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠤᠨ᠎ᠠ᠃ ᠡᠭᠦᠨ ᠠᠴᠠ ᠭᠠᠳᠠᠨ᠎ᠠ᠂ ᠪᠥᠬᠦ ᠤᠯᠤᠰ ᠤᠨ ᠨᠢᠭᠡᠳᠦᠯᠲᠡᠢ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠨᠢᠬᠡ ᠦᠷᠳᠡᠬᠡᠴᠢᠯᠡᠭᠰᠡᠨ ᠦᠢᠯᠡᠴᠢᠯᠡᠭᠡ᠂ ᠨᠢᠭᠡ ᠴᠣᠩᠬᠤᠪᠴᠢ ᠪᠠᠷ ᠭᠦᠢᠴᠡᠳᠬᠡᠬᠦ ᠶᠢ ᠬᠡᠷᠡᠭᠵᠢᠭᠦᠯᠬᠦ ᠶᠢ  ᠠᠬᠢᠭᠤᠯᠵᠤ᠂ ᠲᠠᠰᠤᠯᠤᠨ ᠪᠤᠳᠤᠬᠤ ᠦᠢᠯᠡᠴᠢᠯᠡᠭᠡᠨ ᠢ ᠤᠯᠠᠮ ᠲᠦᠬᠦᠮ ᠪᠤᠯᠭᠠᠬᠤ ᠪᠤᠯᠤᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号