ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ  ᠠᠶᠤᠯᠬᠦᠢ ᠶᠢᠨ ᠬᠠᠮᠢᠶᠠᠷᠤᠯᠳᠠ ᠶᠢ ᠤᠯᠠᠮ ᠴᠢᠩᠭᠠᠳᠬᠠᠬᠤ ᠲᠤᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/7/28
    ᠣᠶᠢᠷ᠎ᠠ ᠳᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ  ︽ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠬᠦᠢ ᠶᠢᠨ ᠬᠠᠮᠢᠶᠠᠷᠤᠯᠲᠠ ᠶᠢᠨ ᠠᠵᠢᠯ ᠢ ᠤᠯᠠᠮ   ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠦᠶᠡᠷ ᠤᠨ ᠬᠤᠭᠤᠴᠠᠭᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠴᠢᠩᠭᠠᠳᠬᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ᠂ ᠪᠠᠴᠢᠮ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠵᠡᠷᠭᠡ ᠭᠤᠣᠯᠳᠠᠯᠭ᠎ᠠ ᠲᠠᠢ ᠠᠵᠢᠯ ᠢ  ᠪᠠᠶᠢᠷᠢᠯᠠᠭᠤᠯᠤᠬᠰᠠᠨ ᠪᠠᠶᠢᠨ᠎ᠠ᠃ᠮᠡᠳᠡᠭᠳᠡᠯ ᠳᠤ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ  ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠰᠠᠶᠢᠳ ᠯᠢ ᠺᠧ ᠴᠢᠶᠠᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠴᠣᠬᠤᠯᠠᠪᠤᠷᠢ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠠᠷᠠᠳ ᠤᠨ ᠶᠠᠪᠤᠳᠠᠯ ᠤᠨ ᠶᠠᠮᠤᠨ ᠤ ᠬᠤᠯᠪᠣᠭᠳᠠᠯ ᠪᠦᠬᠦᠢ ᠠᠵᠢᠯ ᠤᠨ ᠲᠣᠬᠢᠷᠠᠭᠤᠯᠤᠯᠲᠠ ᠶᠤᠰᠤᠭᠠᠷ ︽ᠴᠠᠭ ᠢᠮᠠᠭᠲᠠ ᠰᠤᠨᠤᠷ ᠰᠡᠷᠡᠮᠵᠢ ᠲᠠᠢ ᠪᠠᠶᠢᠬᠤ︾ ᠬᠠᠷᠢᠭᠤᠴᠠᠯᠭ᠎ᠠ ᠶᠢᠨ ᠤᠬᠠᠮᠰᠠᠷ ᠢ ᠢᠮᠠᠭᠲᠠ ᠪᠠᠷᠢᠮᠲᠠᠯᠠᠵᠤ᠂ ᠬᠦᠨᠳᠦ ᠶᠡᠭᠡ ᠣᠨᠴᠠ ᠶᠡᠭᠡ ᠠᠳᠡᠯ ᠪᠣᠯᠣᠨ ᠬᠡᠲᠦᠷᠡᠮᠡᠬᠡᠢ ᠬᠡᠷᠡᠭ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃     ᠮᠡᠳᠡᠭᠳᠡᠯ ᠳᠤ ᠱᠠᠭᠠᠷᠳᠠᠭᠰᠠᠨ ᠨᠢ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠭᠦᠨᠵᠡᠭᠡᠶᠢᠷᠡᠭᠦᠯᠵᠦ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠢᠲᠠᠮᠠᠬᠠᠢ ᠬᠡᠢ ᠴᠠᠬᠢᠯᠭᠠᠨ᠂ ᠢᠳᠡᠭᠡᠨ ᠤ ᠠᠷᠢᠭᠤᠨ ᠴᠡᠪᠡᠷ᠂ ᠭᠡᠷ ᠪᠠᠶᠢᠰᠢᠩ ᠤᠨ ᠪᠠᠷᠢᠯᠭ᠎ᠠ᠂ ᠪᠠᠷᠢᠯᠭ᠎ᠠ ᠶᠢᠨ ᠠᠵᠢᠯ᠂ ᠥᠨᠳᠥᠷ ᠬᠠᠯᠠᠭᠤᠨ ᠤ ᠰᠡᠷᠭᠡᠶᠢᠯᠡᠯᠲᠡ᠂ ᠰᠠᠨᠠᠭᠠᠨ ᠳᠤ ᠦᠭᠡᠢ ᠭᠡᠮᠲᠦᠯ ᠵᠡᠷᠭᠡ ᠲᠠᠯ᠎ᠠ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤ ᠨᠢ ᠨᠠᠷᠢᠯᠢᠭ ᠣᠨᠣᠴᠠᠲᠠᠢ  ᠠᠷᠢᠯᠭᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ᠂ ᠲᠤᠶᠢᠯᠰᠢᠷᠠᠯ ᠤᠨ ᠰᠡᠳᠬᠢᠬᠦᠢ ᠶᠢ ᠴᠢᠨᠠᠭᠰᠢᠳᠠ ᠴᠢᠩᠭᠠᠳᠬᠠᠵᠤ᠂ ᠴᠠᠭ ᠠᠭᠤᠷ᠂ ᠪᠠᠴᠢᠮ   ᠢ  ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ  ᠬᠠᠷᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠳᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠪᠠᠴᠢᠮ  ᠢ ᠠᠷᠭᠠᠴᠠᠭᠠᠬᠤ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠢ ᠠᠷᠭᠠᠴᠠᠭᠠᠬᠤ ᠶᠢ ᠲᠦᠷᠬᠡᠨ ᠳᠠᠭᠠᠬᠤ ᠲᠣᠭᠲᠠᠴᠠ ᠶᠢ ᠪᠦᠷᠢᠨᠰᠢᠭᠦᠯᠵᠦ᠂ ᠪᠠᠴᠢᠮ ᠢ  ᠠᠷᠭᠠᠴᠠᠭᠠᠬᠤ ᠪᠣᠳᠠᠰ ᠢ ᠰᠠᠶᠢᠲᠤᠷ ᠨᠦᠬᠡᠴᠡᠯᠡᠨ᠂ ᠵᠠᠩᠭᠢᠯᠠᠭ᠎ᠠ ᠶᠢᠨ ᠴᠠᠭ ᠦᠶ᠎ᠡ ᠳᠤ ᠬᠡᠷᠡᠭᠯᠡᠵᠦ ᠳᠡᠶᠢᠯᠬᠦ᠂  ᠦᠨᠡᠨ ᠬᠦ ᠲᠤᠰᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃     ᠮᠡᠳᠡᠭᠳᠡᠯ ᠳᠤ ᠴᠢᠬᠤᠯᠠᠴᠢᠯᠠᠬᠰᠠᠨ ᠨᠢ᠂ ︽ᠭᠠᠳᠠᠭᠠᠳᠤ ᠠᠴᠠ ᠤᠷᠤᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ  ᠳᠤ ᠪᠠᠨ ᠳᠠᠬᠢᠨ ᠲᠡᠯᠬᠡᠷᠡᠬᠦ ᠠᠴᠠ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠥᠴᠥᠬᠡᠨ ᠴᠦ ᠭᠤᠶᠢᠪᠢᠰᠢ ᠦᠭᠡᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠤᠯᠤᠰ ᠤᠨ ᠨᠢᠭᠡᠳᠦᠯᠲᠡᠢ ᠲᠥᠷᠥ ᠶᠢᠨ ᠪᠣᠳᠣᠯᠭ᠎ᠠ ᠶᠢᠨ ᠠᠷᠭ᠎ᠠ  ᠪᠠ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠣᠨᠴᠠᠯᠢᠭ ᠲᠠᠢ ᠤᠶᠠᠯᠳᠤᠭᠤᠯᠤᠨ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠲᠡᠭᠦᠯᠳᠡᠷᠵᠢᠭᠦᠯᠵᠦ᠂ ᠬᠠᠮᠤᠭ ᠤᠨ ᠪᠠᠭ᠎ᠠ ᠦᠨ᠎ᠡ ᠥᠷᠲᠡᠭ ᠢᠶᠠᠷ ᠬᠠᠮᠤᠭ ᠤᠨ ᠶᠡᠭᠡ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠵᠦ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠳᠡᠢ᠃    ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ  ᠤᠨ ᠬᠢᠨ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠴᠢᠬᠤᠯᠠ ᠪᠠᠴᠢᠮ ᠪᠠᠶᠢᠳᠠᠯ ᠲᠣᠬᠢᠶᠠᠯᠳᠤᠪᠠᠯ ᠲᠡᠷᠡ ᠳᠠᠷᠤᠢ ᠳᠤ ᠨᠢ ᠵᠢᠭᠠᠪᠤᠷᠢ ᠠᠪᠴᠤ ᠮᠡᠳᠡᠭᠦᠯᠬᠦ ᠶᠢᠨ ᠬᠠᠮᠲᠤ ᠴᠠᠭ ᠲᠤᠬᠠᠢ  ᠳᠤ ᠨᠢ ᠠᠷᠭᠠᠴᠠᠭᠠᠨ ᠰᠢᠢᠳᠪᠦᠷᠢᠯᠡᠬᠦ ᠬᠡᠷᠡᠭᠲᠡᠢ᠃   ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ  ᠱᠠᠯᠠᠪᠳᠠᠭᠤᠯᠤᠨ ᠪᠠᠶᠢᠴᠠᠭᠠᠵᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠶᠤᠯᠬᠦᠢ ᠶᠢᠨ ᠬᠠᠮᠢᠶᠠᠷᠤᠯᠲᠠ ᠶᠢᠨ ᠠᠷᠭ᠎ᠠ ᠶᠢ ᠪᠣᠳᠠᠲᠠᠶᠢᠵᠢᠭᠤᠯᠬᠤ   ᠬᠡᠷᠡᠭᠲᠡᠢ᠃  
 
ᠢᠷᠡᠯᠲᠡ᠄ ᠦᠪᠤᠷ ᠮ᠊​‍ᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号