︽ᠬᠠᠷᠢᠭᠤᠴᠠᠯᠭ᠎ᠠ ᠡᠬᠦᠷᠬᠡᠯᠡᠭᠰᠡᠨ ᠰᠠᠶᠢᠨ ᠺᠠᠳ᠋ᠷ︾ ᠤᠨ ᠴᠤᠯᠨ ᠤᠯᠭᠤᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ
ᠨᠡᠶᠢᠲᠡᠯᠡᠭᠰᠡᠨ ᠴᠠᠭ᠄
2022/9/23
   ᠤᠷᠴᠢᠮ ᠤᠨ ᠵᠢᠯ ᠮᠠᠨ ᠤ ᠤᠷᠤᠨ ᠤ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ  ᠳᠤ ᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠣᠷᠣᠨ  ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠠᠬᠢᠭᠤᠯᠬᠤ ᠪᠠ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ  ᠤᠨ ᠠᠵᠢᠯ  ᠤᠨ ᠳᠤᠮᠳᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠷᠮᠠᠶᠢᠨ ᠠᠵᠢᠯᠯᠠᠵᠤ᠂ ᠲᠣᠪᠣᠶᠢᠮ᠎ᠠ ᠬᠤᠪᠢ ᠨᠡᠮᠡᠷᠢ ᠦᠵᠡᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠦᠯᠡᠮᠵᠢ ᠤᠯᠠᠨ ᠬᠠᠷᠢᠭᠤᠴᠠᠯᠭ᠎ᠠ ᠡᠭᠦᠷᠭᠡᠯᠡᠵᠦ ᠠᠵᠢᠯ ᠬᠢᠭᠰᠡᠨ ᠰᠢᠯᠢᠳᠡᠭ ᠺᠠᠳ᠋ᠷ ᠴᠣᠯᠭᠤᠷᠠᠨ ᠭᠠᠷᠪᠠ᠃   ᠨᠠᠮ ᠤᠨ ᠬᠤᠷᠢᠳᠤᠭᠠᠷ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠬᠤ ᠪᠠᠷ ᠪᠠᠶᠢᠭ᠎ᠠ ᠲᠠᠰᠢᠷᠠᠮ ᠢᠶᠠᠷ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠵᠤ᠂ ᠺᠠᠳ᠋ᠷᠴᠤᠳ ᠢ ᠵᠣᠷᠢᠭᠵᠢᠭᠤᠯᠤᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠭᠤᠯᠬᠤ ᠶᠢᠨ ᠲᠥᠯᠥᠭᠡ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠢᠶᠠᠨ ᠶᠤᠸᠠᠨ ᠵᠢᠶᠦ᠋ᠨ ᠵᠡᠷᠭᠡ 100 ᠨᠥᠬᠦᠷ ᠢ ︽ᠬᠠᠷᠢᠭᠤᠴᠠᠯᠭ᠎ᠠ ᠡᠬᠦᠷᠭᠡᠯᠡᠭᠰᠡᠨ ᠰᠠᠶᠢᠨ ᠺᠠᠳ᠋ᠷ︾ ︵ᠨᠡᠷᠡᠰ ᠢ ᠵᠢᠷᠤᠭ ᠢᠶᠠᠷ ᠳᠠᠭᠠᠯᠳᠤᠭᠤᠯᠪᠠ︶ ᠢᠶᠠᠷ ᠴᠤᠯᠠᠯᠠᠬᠤ ᠪᠠᠷ ᠲᠣᠭᠲᠠᠪᠠ᠃    ︽ᠬᠠᠷᠢᠭᠤᠴᠠᠯᠭ᠎ᠠ ᠡᠬᠦᠷᠬᠡᠯᠡᠭᠰᠡᠨ ᠰᠠᠶᠢᠨ ᠺᠠᠳ᠋ᠷ︾ ᠤᠨ ᠴᠤᠯᠨ ᠬᠦᠷᠳᠡᠭᠰᠡᠳ ᠪᠣᠯ ᠰᠢᠨ᠎ᠡ ᠴᠠᠭ ᠦᠶ᠎ᠡ ᠶᠢᠨ ᠪᠦᠬᠦ ᠣᠷᠣᠨ ᠤ ᠺᠠᠳ᠋ᠷ ᠤᠨ ᠡᠩᠨᠡᠭᠡᠨ ᠤ ᠰᠢᠯᠢᠳᠡᠭ ᠲᠥᠯᠥᠭᠡᠯᠡᠭᠴᠢ ᠪᠣᠯᠣᠨ᠎ᠠ᠃ ᠲᠡᠳᠡ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠠᠷᠠᠳ ᠤᠯᠠᠨ ᠳᠤ ᠦᠢᠯᠡᠴᠢᠯᠡᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠹᠷᠣᠨᠲ ᠡᠯ᠎ᠡ ᠬᠦᠷᠢᠶᠡᠨ ᠳᠤ ᠲᠣᠪᠣᠶᠢᠮ᠎ᠠ ᠪᠣᠳᠠᠲᠤ ᠠᠮᠵᠢᠯᠲᠠ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠲᠠᠶᠢᠯᠪᠤᠷᠢᠯᠠᠵᠤ᠂ ᠬᠠᠷᠢᠭᠤᠴᠠᠯᠭ᠎ᠠ ᠡᠭᠦᠷᠭᠡᠯᠡᠵᠦ ᠠᠵᠢᠯ ᠬᠢᠬᠦ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃ ᠴᠤᠯᠨ ᠬᠦᠷᠳᠡᠭᠰᠡᠨ ᠺᠠᠳ᠋ᠷ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠤᠴᠠᠯᠲᠠ ᠦᠭᠡᠢ ᠤᠷᠤᠭᠰᠢᠯᠠᠬᠤ᠂ ᠡᠭᠦᠷᠢᠳᠡ ᠬᠤᠶᠢᠷᠭᠤᠰᠢᠬᠤ ᠦᠭᠡᠢ ᠵᠣᠷᠢᠭ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠢᠶᠠᠷ ᠠᠬᠢᠭᠤᠯᠵᠤ᠂ ᠨᠠᠮ ᠪᠣᠯᠣᠨ ᠠᠷᠠᠳ ᠲᠦᠮᠡᠨ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠬᠡᠵᠡᠢ᠃   ᠣᠳᠣᠬᠠᠨ ᠳᠤ ᠮᠠᠨ ᠤ ᠣᠷᠣᠨ ᠶᠠᠭ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠨᠡᠩ ᠨᠦᠰᠡᠷ ᠬᠦᠨᠳᠦ ᠪᠣᠯᠵᠠᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠤᠷᠢᠶᠠᠯᠠᠭᠰᠠᠨ ᠨᠢ᠂ ᠪᠦᠬᠦ ᠣᠷᠣᠨ ᠤ  ᠺᠠᠳ᠋ᠷᠴᠤᠳ ︽ᠬᠠᠷᠢᠭᠤᠴᠠᠯᠭ᠎ᠠ  ᠡᠬᠦᠷᠭᠡᠯᠡᠭᠰᠡᠨ ᠰᠠᠶᠢᠨ ᠺᠠᠳ᠋ᠷ︾ ᠢᠶᠠᠷ ᠳᠠᠭᠤᠷᠢᠶᠠᠯ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠵᠦ᠂ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠥᠪᠥᠷ ᠮᠣᠩᠭᠤᠯ ᠤᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠳᠦᠷᠢ ᠲᠥᠷᠬᠦ ᠶᠢ ᠪᠤᠢ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ  ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠶᠢ ᠠᠬᠢᠭᠤᠯᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号