︽ᠵᠡᠮᠳᠡᠭᠴᠦᠳ ᠤᠨ ᠬᠤᠶᠠᠷ ᠨᠥᠬᠦᠪᠦᠷᠢ ᠶᠢ ᠭᠤᠶᠤᠴᠢᠯᠠᠬᠤ ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠢ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ᠂ ᠳᠤᠮᠳᠠᠳᠤ ᠤᠯᠤᠰ ᠤᠨ ᠵᠡᠮᠳᠡᠭᠴᠦᠳ ᠤᠨ  ᠬᠤᠯᠪᠤᠭ᠎ᠠ ᠶᠢᠨ ᠠᠯᠪᠠᠨ ᠲᠢᠩᠬᠢᠮ ᠤᠨ ᠮᠡᠳᠡᠭᠳᠡᠯ ︾ ᠢ ᠲᠠᠮᠵᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/9/30
ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠮᠠᠨᠵᠤᠤᠷ᠂ ᠡᠷᠢᠶᠡᠨ ᠬᠤᠲᠠ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠳᠤ᠄     ᠡᠳᠦᠭᠡ ︽ᠵᠡᠮᠳᠡᠭᠴᠦᠳ ᠤᠨ ᠬᠤᠶᠠᠷ ᠨᠥᠬᠦᠪᠦᠷᠢ ᠶᠢ ᠭᠤᠶᠤᠴᠢᠯᠠᠬᠤ ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠢ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠠᠯᠪᠠᠨ ᠲᠢᠩᠬᠢᠮ ᠤᠨ ᠮᠡᠳᠡᠭᠳᠡᠯ︾ ᠢ ᠲᠠᠮᠵᠢᠭᠤᠯᠵᠤ ᠪᠠᠶᠢᠨ᠎ᠠ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠮᠡᠳᠡᠭᠳᠡᠯ ᠤᠨ ᠱᠠᠭᠠᠷᠳᠠᠯᠭ᠎ᠠ  ᠪᠠᠷ  ᠬᠠᠮᠵᠢᠯᠴᠠᠭ᠎ᠠ ᠪᠠᠨ ᠴᠢᠩᠭᠠᠳᠬᠠᠵᠤ᠂ ᠵᠡᠮᠳᠡᠭᠴᠦᠳ ᠤᠨ ᠬᠤᠶᠠᠷ ᠨᠥᠬᠦᠪᠦᠷᠢ ᠶᠢ ᠭᠤᠶᠤᠴᠢᠯᠠᠬᠤ ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ ᠠᠵᠢᠯ ᠢ ᠰᠠᠶᠢᠲᠤᠷ ᠬᠢᠬᠦ ᠶᠢ ᠵᠢᠯᠤᠭᠤᠳᠴᠤ᠂ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠡᠮᠳᠡᠭᠴᠦᠳ ᠤᠨ ᠬᠤᠶᠠᠷ ᠨᠥᠬᠦᠪᠦᠷᠢ ᠶᠢ ᠭᠤᠶᠤᠴᠢᠯᠠᠬᠤ ︽ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ︾ ᠬᠤᠯᠪᠤᠭᠠᠰᠤ ᠶᠢ ᠲᠣᠰ ᠭᠠᠵᠠᠷ ᠤᠨ ᠢᠶᠠᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠸᠢᠴᠠᠲ᠂ APP᠂ ᠵᠠᠰᠠᠭ ᠤᠨ ᠣᠷᠳᠣᠨ ᠤ ᠰᠦᠯᠵᠢᠶ᠎ᠡ ᠯᠦᠭᠡ ᠵᠠᠯᠭᠠᠵᠤ᠂ ︽ᠨᠢᠭᠡ ᠯᠡ ᠲᠠᠩᠰᠠᠯᠠᠪᠠᠯ ᠣᠯᠠᠨ ᠴᠡᠭ ᠲᠤ ᠬᠠᠷᠢᠯᠴᠠᠨ ᠮᠡᠳᠡᠷᠡᠵᠦ᠂ ᠪᠥᠬᠦ ᠰᠦᠯᠵᠢᠶᠡᠨ ᠳᠤ ᠨᠡᠪᠲᠡᠷᠡᠬᠦ︾ ᠶᠢ ᠪᠡᠶᠡᠯᠡᠬᠦᠯᠬᠦ ᠶᠢᠨ ᠬᠠᠮᠲᠤ ᠲᠤᠬᠠᠶᠢᠯᠠᠭᠰᠠᠨ ᠠᠵᠢᠯ ᠤᠨ ᠬᠠᠷᠢᠶ᠎ᠠ ᠭᠠᠵᠠᠷ ᠪᠠ ︽ᠮᠤᠵᠢ ᠠᠯᠤᠰᠯᠠᠨ  ᠲᠤᠭᠤᠰᠢᠳᠠᠢ ᠬᠦᠢᠴᠡᠳᠬᠡᠬᠦ︾ ᠭᠤᠶᠤᠴᠢᠯᠠᠯ ᠤᠨ ᠴᠤᠩᠬᠤᠪᠴᠢ ᠶᠢ ᠦᠯᠡᠳᠡᠭᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ  ᠶᠢ ᠦᠨᠡᠨ ᠬᠦ ᠲᠦᠬᠦᠮ ᠪᠤᠯᠭᠠᠬᠤ ᠬᠡᠷᠡᠭᠳᠡᠢ᠃ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ  ᠶᠡᠭᠡ ᠪᠠᠷ ᠥᠷᠨᠢᠭᠦᠯᠵᠦ᠂ ᠨᠡᠶᠢᠲᠡᠯᠢᠭ ᠵᠢᠱᠢᠶ᠎ᠡ ᠤᠯᠪᠠᠯ ᠲᠠᠷᠤᠢ ᠲᠡᠪᠰᠢᠬᠦᠯᠳᠤᠬᠡᠢ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ     2022 ᠣᠨ ᠤ 5 ᠰᠠᠷ᠎ᠠ ᠶᠢᠨ 12   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号