ᠵᠡᠮᠳᠡᠭᠴᠦᠳ ᠤᠨ ᠬᠤᠶᠠᠷ ᠨᠥᠬᠦᠪᠦᠷᠢ ᠶᠢ ᠭᠤᠶᠤᠴᠢᠯᠠᠬᠤ ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠢ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/9/30
︵ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠠᠴᠠ ᠲᠠᠷᠬᠠᠭᠠᠭᠰᠠᠨ ﹇2022﹈ 8 ᠳ᠋ᠤᠭᠠᠷ ᠲᠣᠭᠠᠲᠤ 2022 ᠣᠨ ᠤ 4 ᠰᠠᠷ᠎ᠠ ᠶᠢᠨ 26 ᠤ ᠡᠳᠦᠷ︶ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶᠂ ᠵᠡᠮᠳᠡᠭᠴᠦᠳ ᠤᠨ ᠬᠤᠯᠪᠣᠭ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠳᠤ᠄    ︽ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠲᠥᠷᠥ ᠶᠢᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ  ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ    ᠨᠠᠶᠢᠳᠠᠪᠤᠷᠢᠵᠢᠭᠤᠯᠤᠨ᠂ ᠵᠡᠮᠳᠡᠭᠴᠦᠳ ᠤᠨ ᠬᠤᠶᠠᠷ ᠨᠥᠬᠦᠪᠦᠷᠢ ᠶᠢ ᠭᠤᠶᠤᠴᠢᠯᠠᠬᠤ ᠠᠷᠭ᠎ᠠ ᠵᠠᠮ ᠢ ᠤᠯᠠᠮ ᠰᠠᠭᠠᠳ ᠦᠭᠡᠢ ᠨᠠᠪᠲᠠᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠤᠯᠠᠮ ᠲᠦᠬᠦᠮ ᠲᠦᠳᠡ ᠪᠤᠯᠭᠠᠵᠤ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠬᠦᠯᠬᠦ ᠶᠢᠨ ᠲᠦᠯᠦᠬᠡ ᠵᠡᠮᠳᠡᠭᠴᠦᠳ ᠤᠨ ᠬᠤᠶᠠᠷ ᠨᠥᠬᠦᠪᠦᠷᠢ ᠶᠢ ᠭᠤᠶᠤᠴᠢᠯᠠᠬᠤ ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ ᠦᠢᠯᠡᠴᠢᠯᠡᠭᠡ ᠶᠢ ᠪᠥᠬᠦ ᠤᠯᠤᠰ ᠤᠨ ᠬᠡᠪᠴᠢᠶᠡᠨ ᠳᠤ ᠬᠡᠷᠡᠭᠵᠢᠭᠦᠯᠬᠦ ᠪᠠᠷ ᠪᠣᠶ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠮᠡᠳᠡᠭᠳᠡᠶ᠎ᠡ᠄    ᠨᠢᠭᠡ᠂ ᠰᠦᠯᠵᠢᠶᠡᠨ ᠳᠡᠭᠡᠷᠡᠬᠢ ᠭᠤᠶᠤᠴᠢᠯᠠᠯ ᠢ ᠪᠥᠬᠦ ᠶᠠᠪᠤᠴᠠ ᠳᠤ ᠰᠦᠯᠵᠢᠶᠡᠨ ᠲᠡᠬᠡᠷ᠎ᠡ ᠬᠦᠢᠴᠡᠳᠬᠡᠬᠦ ᠪᠣᠯᠭᠠᠪᠠ    2019 ᠣᠨ ᠠᠴᠠ ᠨᠠᠭᠠᠰᠢ ᠵᠡᠮᠳᠡᠭᠴᠦᠳ ᠤᠨ ᠬᠤᠶᠠᠷ ᠨᠥᠬᠦᠪᠦᠷᠢ ᠶᠢ ᠰᠦᠯᠵᠢᠶᠡᠨ ᠳᠡᠭᠡᠷ᠎ᠡ ᠭᠤᠶᠤᠴᠢᠯᠠᠬᠤ ᠶᠢ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠩᠬᠠᠨ ᠤ ᠪᠦᠯᠦᠭ ᠤᠨ ᠬᠡᠷᠡᠭᠯᠡᠭᠡᠨ ᠤ ᠦᠵᠡᠭᠳᠡᠯ ᠢᠶᠠᠷ ᠲᠣᠭᠲᠠᠭᠠᠵᠤ᠂ ᠵᠡᠮᠳᠡᠭᠴᠦᠳ ᠤᠨ ᠨᠥᠬᠦᠪᠦᠷᠢ ᠭᠤᠶᠤᠴᠢᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠰᠦᠯᠵᠢᠶᠡᠨ ᠳᠡᠭᠡᠷᠡᠬᠢ ᠭᠤᠶᠤᠴᠢᠯᠠᠯ ᠤᠨ ᠬᠡᠯᠪᠡᠷᠢ ᠶᠢ ᠲᠡᠭᠦᠯᠳᠡᠷᠵᠢᠭᠦᠯᠬᠦ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠰᠦᠯᠵᠢᠶᠡᠨ ᠳᠡᠭᠡᠷᠡᠬᠢ ᠭᠤᠶᠤᠴᠢᠯᠠᠯ ᠤᠨ ᠪᠦᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ ᠪᠣᠯᠭᠠᠨ ᠳᠡᠰ ᠳᠡᠪᠰᠢᠭᠦᠯᠬᠦ ᠪᠠᠷ ᠲᠣᠭᠲᠠᠵᠤ᠂ 2022 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠵᠡᠮᠳᠡᠭᠴᠦᠳ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ︵http://gjzwfw.www.gov.cn/︶ ᠪᠤᠯᠤᠨ ᠠᠷᠠᠳ ᠤᠨ ᠶᠠᠪᠤᠳᠠᠯ ᠤᠨ ᠨᠢᠬᠡ ᠴᠤᠬᠵᠢᠭᠤᠯᠤᠬᠰᠠᠨ ᠵᠠᠰᠠᠭ  ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ︵https://zwfw.mca.gov.cn/︶ ︽民政通︾ ︵ᠭᠠᠷ ᠤᠳᠠᠰᠤ ᠪᠤᠶᠤ ᠺᠤᠮᠫᠢᠦ᠋ᠲ᠋ᠧᠷ ᠲᠡᠬᠡᠷ᠎ᠡ ᠰᠦᠯᠵᠢᠶᠡᠨ ᠠᠴᠠ ᠬᠠᠶᠢᠵᠤ ᠪᠤᠯᠤᠨ᠎ᠠ︶ ᠳᠤ ᠨᠡᠪᠳᠡᠷᠡᠨ ᠵᠡᠮᠳᠡᠭᠴᠦᠳ ᠤᠨ ᠬᠤᠶᠠᠷ ᠨᠥᠬᠦᠪᠦᠷᠢ ᠶᠢᠨ ᠭᠡᠷᠡᠴᠢᠯᠡᠬᠦ ᠮᠠᠲ᠋ᠧᠷᠢᠶᠠᠯ ᠢ ᠲᠤᠰᠢᠶᠠᠬᠤ᠂  ᠯᠠᠪᠯᠠᠬᠤ᠂ ᠵᠠᠰᠠᠬᠤ ᠪᠦᠬᠦ ᠶᠠᠪᠤᠴᠨ ᠶᠢ ᠰᠦᠯᠵᠢᠶᠡᠨ ᠲᠡᠬᠡᠷ᠎ᠡ ᠬᠦᠢᠴᠡᠳᠬᠡᠵᠤ ᠪᠤᠯᠤᠨ᠎ᠠ᠃ ᠲᠤᠬᠠᠶᠢᠯᠠᠭᠰᠠᠨ ᠠᠵᠢᠯ ᠤᠨ ᠬᠠᠷᠢᠶ᠎ᠠ ᠭᠠᠵᠠᠷ ᠨᠢ ᠭᠤᠶᠤᠴᠢᠯᠠᠯ ᠤᠨ ᠮᠠᠲ᠋ᠧᠷᠢᠶᠠᠯ ᠨᠢ  ᠪᠦᠷᠢᠳᠦᠭᠰᠡᠨ ᠤ ᠳᠠᠷᠠᠭ᠎ᠠ᠂ ᠵᠡᠮᠳᠡᠭᠴᠦᠳ ᠤᠨ ᠬᠤᠶᠠᠷ ᠨᠥᠬᠦᠪᠦᠷᠢ ᠶᠢᠨ ︽ᠮᠤᠵᠢ ᠠᠯᠤᠰᠯᠠᠨ ᠲᠤᠭᠤᠰᠢᠳᠠᠢ ᠭᠦᠢᠴᠡᠳᠬᠡᠬᠦ︾ ᠬᠤᠯᠪᠣᠭᠳᠠᠯ ᠪᠦᠬᠦᠢ ᠱᠠᠭᠠᠷᠳᠠᠯᠭ᠎ᠠ ᠪᠠᠷ ᠭᠤᠶᠤᠴᠢᠯᠠᠯ ᠢ  ᠬᠦᠢᠴᠡᠳᠬᠡᠬᠦ ᠬᠡᠷᠡᠭᠲᠡᠢ᠃ ᠵᠡᠮᠳᠡᠭᠴᠦᠳ ᠤᠨ ᠬᠤᠶᠠᠷ ᠨᠥᠬᠦᠪᠦᠷᠢ ᠶᠢᠨ ᠬᠢᠷᠢ ᠬᠡᠮ ᠢ ᠪᠥᠬᠦ ᠤᠯᠤᠰ ᠤᠨ ᠵᠡᠮᠳᠡᠭᠴᠦᠳ ᠤᠨ ᠬᠤᠶᠠᠷ ᠨᠥᠬᠦᠪᠦᠷᠢ ᠶᠢᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠰᠢᠰᠲ᠋ᠧᠮ ᠢᠶᠠᠷ ᠲᠠᠮᠵᠢᠨ ᠲᠤᠬᠳᠠᠭᠠᠬᠤ ᠬᠡᠷᠡᠭᠳᠡᠢ᠃ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷ ᠢᠶᠠᠨ ᠰᠢᠰᠲ᠋ᠧᠮ ᠪᠠᠶᠢᠭᠤᠯᠤᠭᠰᠠᠨ ᠮᠤᠵᠢ ᠣᠷᠣᠨ ᠨᠤᠭᠤᠳ ᠬᠡᠷᠡᠭᠴᠡᠭᠡ ᠪᠠᠨ ᠦᠨᠳᠦᠰᠦᠯᠡᠨ ᠰᠢᠰᠲ᠋ᠧᠮ ᠢᠶᠠᠨ ᠪᠥᠬᠦ ᠤᠯᠤᠰ ᠤᠨ ᠵᠡᠮᠳᠡᠭᠴᠦᠳ ᠤᠨ ᠬᠤᠶᠠᠷ ᠨᠥᠬᠦᠪᠦᠷᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ︽ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ︾ ᠲᠤᠭ᠎ᠠ ᠪᠠᠷᠢᠮᠲᠠ ᠲᠠᠢ ᠵᠤᠯᠭᠠᠭᠤᠯᠵᠤ ᠪᠣᠯᠣᠨ᠎ᠠ᠃    ᠬᠤᠶᠠᠷ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠭᠤᠶᠤᠴᠢᠯᠠᠬᠤ ᠠᠷᠭ᠎ᠠ ᠵᠠᠮ ᠢ ᠥᠷᠭᠡᠳᠬᠡᠨ ᠲᠡᠬᠦᠯᠳᠡᠷᠵᠢᠬᠦᠯᠪᠡ   ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠨᠥᠬᠦᠪᠦᠷᠢ ᠭᠤᠶᠤᠴᠢᠯᠠᠬᠤ ᠬᠡᠯᠪᠡᠷᠢ ᠶᠢ ᠤᠯᠠᠮ ᠰᠠᠭᠠᠳ ᠦᠭᠡᠢ ᠨᠠᠪᠲᠠᠷᠡᠭᠦᠯᠵᠦ᠂ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠡᠮᠳᠡᠭᠴᠦᠳ ᠤᠨ ᠬᠤᠶᠠᠷ ᠨᠥᠬᠦᠪᠦᠷᠢ ᠶᠢ ᠭᠤᠶᠤᠴᠢᠯᠠᠬᠤ ︽ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠭᠦᠢᠴᠡᠳᠬᠡᠬᠦ︾ ᠶᠠᠪᠤᠴᠨ ᠶᠢ ᠲᠣᠰ ᠭᠠᠵᠠᠷ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠸᠢᠴᠠᠲ᠂ APP᠂ ᠵᠠᠰᠠᠭ ᠤᠨ ᠣᠷᠳᠣᠨ ᠤ ᠰᠦᠯᠵᠢᠶ᠎ᠡ ᠲᠠᠢ ᠵᠠᠯᠭᠠᠵᠤ᠂ ︽ᠨᠢᠭᠡ ᠯᠡ ᠲᠠᠩᠰᠠᠯᠠᠪᠠᠯ ᠣᠯᠠᠨ ᠴᠡᠭ ᠲᠤ ᠬᠠᠷᠢᠯᠴᠠᠨ ᠮᠡᠳᠡᠷᠡᠬᠦ᠂ ᠪᠥᠬᠦ ᠰᠦᠯᠵᠢᠶ᠎ᠡ ᠳᠤ ᠨᠡᠪᠲᠡᠷᠡᠬᠦ︾ ᠶᠢ ᠪᠡᠶᠡᠯᠡᠭᠦᠯᠬᠦ ᠬᠡᠷᠡᠭᠲᠡᠢ᠃ ᠵᠡᠮᠳᠡᠭᠴᠦᠳ ᠤᠨ ᠮᠠᠠᠬᠪᠤᠳ ᠤᠨ ᠴᠢᠳᠠᠮᠵᠢ ᠶᠢᠨ ᠰᠠᠭᠠᠳ ᠠᠴᠠ ᠡᠭᠦᠰᠴᠦ ᠮᠡᠳᠡᠬᠦ ᠣᠨᠴᠣᠭᠤᠢ ᠬᠡᠷᠡᠭᠴᠡᠭᠡ ᠳᠤ ᠴᠢᠭᠯᠡᠭᠦᠯᠦᠨ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠠᠭᠠᠳ ᠦᠭᠡᠢ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠠᠷᠠᠳ ᠤᠨ ᠶᠠᠪᠤᠳᠠᠯ ᠤᠨ ᠲᠤᠰᠠᠯᠠᠭᠴᠢ᠂ ᠵᠡᠮᠳᠡᠭᠴᠦᠳ ᠤᠨ ᠬᠤᠯᠪᠣᠭ᠎ᠠ ︵ᠵᠡᠮᠳᠡᠭᠴᠦᠳ ᠤᠨ ᠨᠡᠶᠢᠭᠡᠮᠯᠢᠭ︶ ᠶᠢᠨ ᠲᠤᠰᠬᠠᠢ ᠲᠤᠰᠢᠶᠠᠯᠲᠤ ᠭᠡᠰᠢᠭᠦᠨ ᠨᠢ ᠵᠡᠮᠳᠡᠭᠴᠦᠳ ᠤᠨ ᠨᠥᠬᠦᠪᠦᠷᠢ ᠭᠤᠶᠤᠴᠢᠠᠯᠬᠰᠠᠳ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠠ ᠬᠠᠪᠰᠤᠷᠬᠤ ᠬᠡᠷᠡᠭᠲᠡᠢ᠃       ᠭᠤᠷᠪᠠ᠂ ᠵᠡᠮᠳᠡᠭᠴᠦᠳ ᠢ ᠲᠤᠰᠠᠯᠠᠵᠤ ᠲᠡᠳᠬᠦᠬᠦ ᠠᠵᠢᠯ ᠤᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ    ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠵᠡᠮᠳᠡᠭᠴᠦᠳ ᠤᠨ ᠬᠤᠯᠪᠣᠭ᠎ᠠ ᠶᠢᠨ ᠬᠢᠨ 2022 ᠣᠨ ᠤ 5 ᠳ᠋ᠤᠭᠠᠷ ᠰᠠᠷ᠎ᠠ ᠶᠢᠨ 15 ᠤ ᠡᠳᠤᠷ᠂ ᠦᠬᠡᠷ᠎ᠡ ᠪᠠᠷ ᠬᠡᠯᠡᠪᠡᠯ ᠭᠤᠴᠢᠨ ᠬᠤᠶᠠᠳᠤᠭᠠᠷ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠢ ᠠᠰᠢᠭᠯᠠᠨ᠂ ᠵᠡᠮᠳᠡᠭᠴᠦᠳ ᠤᠨ ᠬᠤᠶᠠᠷ ᠨᠥᠬᠦᠪᠦᠷᠢ ᠶᠢᠨ ︽ᠪᠥᠬᠦ ᠶᠠᠪᠤᠴᠠ ᠶᠢ  ᠰᠦᠯᠵᠢᠶᠡᠨ ᠲᠡᠬᠡᠷ᠎ᠡ ᠬᠦᠢᠴᠡᠳᠬᠡᠬᠦ︾ ᠠᠵᠢᠯ ᠤᠨ ᠦᠷ᠎ᠡ ᠪᠦᠲᠦᠮᠵᠢ᠂ ᠵᠡᠮᠳᠡᠭᠴᠦᠳ ᠢ ᠲᠡᠳᠬᠦᠨ ᠲᠤᠰᠠᠯᠠᠭᠰᠠᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ ᠨᠡᠮᠡᠭᠳᠡᠭᠦᠯᠦᠭᠰᠡᠨ ᠵᠢᠱᠢᠶ᠎ᠡ ᠶᠢ ᠴᠤᠭᠯᠠᠭᠤᠯᠬᠤ ᠵᠡᠷᠭᠡ ᠵᠥᠪ ᠲᠠᠯ᠎ᠠ ᠶᠢᠨ ᠤᠬᠠᠭᠤᠯᠭ᠎ᠠ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠪᠣᠯᠣᠮᠵᠢᠲᠤ ᠴᠢᠨᠠᠷ᠂ ᠣᠯᠠᠨ ᠶᠠᠩᠵᠤᠲᠤ ᠴᠢᠨᠠᠷ ᠪᠠ ᠲᠥᠬᠦᠮ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ᠡᠯ᠎ᠡ ᠭᠠᠵᠠᠷ ᠤᠨ ᠬᠢᠨ ︽ᠪᠥᠬᠦ ᠶᠠᠪᠤᠴᠠ ᠶᠢ ᠰᠦᠯᠵᠢᠶᠡᠨ ᠲᠡᠬᠡᠷ᠎ᠡ ᠬᠦᠢᠴᠡᠳᠬᠡᠬᠦ︾ ᠠᠵᠢᠯ ᠤᠨ ᠳᠤᠮᠳᠠ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠠᠷᠠᠳ ᠤᠨ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃   ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ      2022 ᠣᠨ ᠤ 4 ᠰᠠᠷ᠎ᠠ ᠶᠢᠨ 26  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号