ᠤᠯᠠᠭᠠᠨᠬᠠᠳᠠ ᠬᠤᠲᠠ᠄ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠠᠨᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2022/9/6
   ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠪᠡᠯᠡ ᠮᠦᠡᠭᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠬᠦᠴᠢᠷᠳᠡᠯᠲᠡᠢ ᠣᠯᠠᠨ ᠲᠦᠮᠡᠨ ᠢ ᠲᠤᠰᠠᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠤᠯᠤᠨ ᠡᠳ᠋ ᠤᠨ ᠵᠠᠰᠠᠭ ᠤᠨ  ᠲᠤᠪᠴᠢᠶ᠎ᠠ ᠬᠠᠮᠳᠤᠷᠠᠨᠨ ︽ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠰᠠᠨᠠᠯ︾ ︵︽ᠰᠠᠨᠠᠯ︾ ᠭᠡᠵᠦ  ᠲᠤᠪᠴᠢᠯᠠᠶ᠎ᠠ︶ ᠢ ᠳᠠᠷᠤᠮᠠᠯᠯᠠᠨ ᠲᠠᠷᠬᠠᠭᠠᠪᠠ᠃    ︽ᠰᠠᠨᠠᠯ︾ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠶᠠᠳᠠᠭᠤ ᠬᠦᠴᠢᠷᠳᠡᠯᠲᠡᠢ ᠤᠯᠠᠨ ᠲᠦᠮᠡᠨ ᠤ  ᠲᠤᠰᠠᠯᠠᠮᠵᠢ ᠶᠢᠨ ᠮᠥᠩᠭᠦ ᠪᠣᠯ ᠨᠡᠶᠢᠭᠡᠮ ᠤᠨ ᠲᠤᠰᠠᠯᠠᠮᠵᠢ ᠶᠢᠨ ᠦᠨᠳᠦᠰᠦᠨ ᠪᠠᠳᠤᠯᠠᠭ᠎ᠠ ᠶᠢᠨ ᠲᠦᠷᠦ ᠶᠢᠨ ᠪᠣᠳᠣᠯᠭ᠎ᠠ ᠶᠢ  ᠴᠢᠨᠠᠷᠵᠢᠭᠤᠨ ᠨᠠᠶᠢᠳᠠᠪᠤᠷᠢᠵᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠣᠨ᠎ᠠ᠂ ᠪᠡᠯᠡ ᠮᠥᠩᠭᠦ ᠶᠢ ᠰᠠᠶᠢᠲᠤᠷ ᠬᠡᠷᠡᠭᠯᠡᠬᠦ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠤᠯᠤᠯᠳᠠ  ᠶᠢᠨ ᠦᠷ᠎ᠡ ᠪᠦᠲᠦᠭᠡᠯ ᠢ ᠪᠠᠬᠢᠵᠢᠬᠦᠯᠬᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠡᠷᠬᠡ ᠠᠰᠢᠭ ᠢ ᠪᠠᠲᠤᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠲᠠ᠂ ᠰᠢᠶᠠᠨ ᠤ ᠬᠤᠶᠠᠷ ᠱᠠᠲᠤᠨ ᠤ ᠠᠷᠠᠳ ᠤᠨ ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠬᠦᠴᠢᠷᠳᠡᠯᠲᠡᠢ ᠣᠯᠠᠨ ᠲᠦᠮᠡᠨ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠴᠢᠬᠤᠯᠠ ᠠᠷᠭ᠎ᠠ ᠪᠣᠯᠭᠠᠵᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠲᠤᠰᠠᠯᠠᠮᠵᠢ ᠶᠢᠨ ᠮᠥᠩᠭᠦ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠰᠥᠪ᠂ ᠵᠢᠷᠤᠮᠵᠢᠯ ᠲᠠᠢ ᠪᠦᠲᠦᠮᠵᠢᠲᠡᠶ ᠬᠡᠷᠡᠭᠯᠡᠯᠲᠡ᠂ ᠠᠮᠤᠷ ᠲᠦᠪᠰᠢᠨ ᠥᠨᠳᠥᠷ ᠪᠦᠲᠦᠮᠵᠢᠲᠡᠶ ᠪᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠬᠡᠵᠡᠢ᠃    ︽ᠰᠠᠨᠠᠯ︾ ᠳᠤ᠂ ᠬᠠᠮᠢᠶᠠᠷᠤᠯᠲᠠ ᠶᠢ ᠵᠢᠷᠤᠮᠵᠢᠭᠤᠯᠵᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠯ᠎ᠡ ᠵᠠᠩᠭᠢᠯᠠᠭ᠎ᠠ ᠶᠢ ᠴᠢᠩᠭ᠎ᠠ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠪᠡᠯᠡ ᠮᠥᠩᠭᠦ ᠶᠢᠨ ᠪᠠᠲᠤᠯᠠᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠲᠤᠰᠠᠯᠠᠮᠵᠢ  ᠶᠢᠨ ᠬᠡᠷᠡᠭᠴᠡᠭᠡ ᠶᠢ ᠦᠨᠳᠦᠰᠦᠯᠡᠨ᠂ ᠨᠡᠶᠢᠭᠡᠮ ᠤᠨ ᠲᠤᠰᠠᠯᠠᠮᠵᠢ ᠶᠢᠨ ᠪᠡᠯᠡ ᠮᠥᠩᠭᠦ ᠶᠢ ᠲᠥᠰᠥᠭᠡᠯᠡᠨ ᠪᠤᠳᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ ᠪᠡᠯᠡ ᠮᠥᠩᠭᠦ ᠶᠢᠨ ᠲᠥᠰᠥᠭᠡᠯᠡᠨ ᠪᠤᠳᠤᠯᠳᠠ ᠶᠢᠨ ᠪᠠᠶᠢᠳᠠᠯ ᠪᠣᠯᠣᠨ ᠲᠦᠷᠤᠬᠦᠤ ᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ᠂ ᠪᠡᠯᠡ ᠮᠥᠩᠭᠦ ᠶᠢᠨ ᠲᠥᠰᠥᠪ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ᠂ ᠪᠡᠯᠡ ᠮᠥᠩᠭᠦ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠪᠡᠯᠡ ᠮᠥᠩᠭᠦ ᠣᠯᠭᠤᠬᠤ ᠶᠢ ᠴᠢᠩᠭᠠᠳᠬᠠᠵᠤ ᠂ ︽ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠤᠰᠠᠯᠠᠮᠵᠢ ᠬᠦᠷᠳᠡᠭᠰᠡᠳ ᠤᠨ ᠵᠣᠭᠤᠰ ᠤᠨ ᠲᠤᠭ᠎ᠠ ᠶᠢ ᠬᠢᠨᠠᠨ ᠲᠣᠭᠲᠠᠭᠠᠬᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠡᠯᠡ ᠮᠥᠩᠭᠦ ᠶᠢ ᠬᠠᠷᠭᠤᠭᠤᠯᠤᠨ ᠣᠯᠭᠤᠬᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠣᠷᠣᠯᠠᠨ ᠣᠯᠭᠤᠬᠤ︾ ᠵᠠᠷᠴᠢᠮ ᠶᠣᠰᠣᠭᠠᠷ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠱᠠᠲᠤ ᠱᠠᠲᠤ ᠪᠠᠷ ᠰᠠᠶᠢᠲᠤᠷ ᠬᠢᠨᠠᠨ ᠬᠠᠷᠭᠤᠭᠤᠯᠵᠤ᠂ ᠲᠤᠰᠠᠯᠠᠮᠵᠢ ᠶᠢᠨ ᠮᠥᠩᠭᠦ ᠶᠢ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠬᠦᠴᠢᠷᠳᠡᠯᠲᠡᠢ ᠣᠯᠠᠨ ᠲᠦᠮᠡᠨ ᠤ ᠭᠠᠷ ᠲᠤ ᠤᠷᠤᠭᠤᠯᠬᠤ ᠶᠢ ᠵᠠᠪᠠᠯ ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠡᠯᠡ ᠮᠥᠩᠭᠦ ᠶᠢᠨ ᠵᠠᠷᠤᠯᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ ᠂ ᠬᠦᠴᠢᠷᠳᠡᠯᠲᠡᠢ ᠣᠯᠠᠨ ᠲᠦᠮᠡᠨ ᠤ  ᠲᠤᠰᠠᠯᠠᠮᠵᠢ ᠶᠢᠨ ᠪᠡᠯᠡ ᠮᠥᠩᠭᠦ ᠶᠢ  ᠰᠠᠭᠤᠯᠭᠠᠬᠤ᠂ ᠰᠢᠯᠵᠢᠬᠦᠯᠬᠦ ᠪᠤᠶᠤ ᠠᠵᠢᠯᠲᠠᠨ ᠤ ᠡᠳᠦᠷ ᠲᠤᠲᠤᠮ ᠤᠨ ᠠᠯᠪᠠᠨ ᠵᠠᠷᠤᠳᠠᠯ᠂ ᠪᠠᠶᠢᠭᠤᠯᠤᠮᠵᠢ ᠶᠢᠨ ᠠᠵᠢᠯᠯᠠᠭᠠᠨ᠂ ᠲᠣᠮᠣ ᠬᠡᠯᠪᠡᠷᠢ ᠶᠢᠨ ᠲᠥᠬᠦᠭᠡᠷᠦᠮᠵᠢ ᠬᠤᠳᠠᠯᠳᠤᠨ ᠠᠪᠬᠤ ᠪᠠ ᠰᠠᠭᠤᠷᠢ ᠲᠦᠬᠦᠬᠡᠷᠤᠮᠵᠢ ᠶᠢ ᠰᠡᠯᠪᠢᠬᠦ᠂ ᠰᠢᠨᠡᠳᠬᠡᠬᠦ ᠳᠤ ᠬᠡᠷᠡᠭᠯᠡᠵᠦ ᠪᠣᠯᠬᠤ ᠦᠭᠡᠢ᠃   ︽ᠰᠠᠨᠠᠯ︾ ᠳᠤ᠂ ᠲᠣᠭᠲᠠᠴᠠ ᠶᠢ ᠪᠠᠶᠢᠭᠤᠯᠵᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠬᠦ ᠬᠡᠷᠡᠭᠲᠡᠢ ᠬᠡᠵᠡᠢ᠃ ᠬᠤᠲᠠ᠂ ᠬᠤᠰᠢᠭᠤ ᠬᠤᠶᠠᠷ ᠱᠠᠲᠤᠨ ᠤ ᠠᠷᠠᠳ ᠤᠨ ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠬᠢᠨᠠᠨ ᠪᠤᠳᠤᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠤᠨ ᠲᠤᠰᠬᠠᠢ ᠵᠦᠢᠯ ᠤᠨ ᠪᠠᠶᠢᠴᠠᠭᠠᠯᠲᠠ᠂  ᠱᠠᠯᠠᠪᠳᠠᠭᠤᠯᠤᠨ ᠪᠠᠶᠢᠴᠠᠭᠠᠯᠲᠠ᠂ ᠬᠢᠨᠠᠨ ᠪᠣᠳᠣᠯᠲᠠ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠢ᠃ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠰᠦᠯᠵᠢᠶᠡᠨ ᠳᠡᠭᠡᠷ᠎ᠡ ᠬᠢᠨᠠᠬᠤ ᠪᠠ ᠰᠦᠯᠵᠢᠶᠡᠨ ᠭᠠᠳᠠᠨ᠎ᠠ ᠬᠢᠨᠠᠨ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠬᠦᠴᠢᠷᠳᠡᠯᠲᠡᠢ ᠣᠯᠠᠨ ᠲᠦᠮᠡᠨ ᠤ  ᠲᠤᠰᠠᠯᠠᠮᠵᠢ ᠶᠢᠨ ᠪᠡᠯᠡ ᠮᠥᠩᠭᠦ ᠶᠢᠨ ᠪᠥᠬᠦ ᠶᠠᠪᠤᠴᠠ ᠳᠤ ᠬᠢᠨᠠᠵᠤ᠂ ᠠᠰᠠᠭᠤᠳᠠᠯ ᠢ ᠴᠠᠭ ᠲᠤᠬᠠᠢ ᠳᠤ ᠨᠢ ᠢᠯᠡᠷᠡᠬᠦᠯᠬᠦ ᠶᠢᠨ ᠬᠠᠮᠲᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠬᠤ ᠬᠡᠷᠡᠭᠲᠡᠢ᠃ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠵᠠᠮ ᠢ ᠥᠷᠭᠡᠳᠬᠡᠵᠦ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠨᠡᠶᠢᠭᠡᠮ ᠤᠨ ᠬᠦᠴᠦᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠢᠨᠠᠯᠲᠠ ᠪᠠ ᠵᠠᠰᠠᠭ ᠤᠨ ᠣᠷᠳᠣᠨ ᠤ ᠬᠢᠨᠠᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠮᠡᠳᠡᠭᠡ ᠵᠠᠩᠭᠢ ᠶᠢ  ᠢᠯᠡᠵᠢᠬᠦᠯᠬᠦ ᠳᠦᠷᠢᠮ ᠢ ᠲᠡᠭᠦᠯᠳᠡᠷᠵᠢᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ᠂ ᠢᠯᠡᠴᠢᠯᠡᠨ ᠮᠡᠳᠡᠭᠦᠯᠬᠦ᠂ ᠰᠢᠢᠳᠪᠦᠷᠢᠯᠡᠬᠦ᠂ ᠬᠠᠷᠢᠭᠤ ᠲᠤᠰᠬᠠᠬᠤ ᠲᠣᠭᠲᠠᠴᠠ ᠶᠢ ᠲᠡᠬᠦᠯᠳᠡᠷᠵᠢᠬᠦᠯᠤᠨ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠨ᠂ ᠲᠤᠰᠠᠯᠠᠮᠵᠢ ᠬᠦᠷᠳᠡᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ ᠬᠢᠨᠠᠯᠲᠠ ᠲᠠᠯᠪᠢᠬᠤ ᠴᠢᠬᠤᠯᠠ ᠬᠦᠴᠦᠨ ᠪᠣᠯᠭᠠᠬᠤ ᠬᠡᠷᠡᠭᠲᠡᠢ᠃   ︽ᠰᠠᠨᠠᠯ︾ ᠳᠤ᠂ ᠪᠠᠲᠤᠯᠠᠭ᠎ᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠬᠡᠵᠡᠢ᠃ ᠬᠤᠲᠠ ᠬᠤᠰᠢᠭᠤ ᠬᠤᠶᠠᠷ ᠱᠠᠲᠤᠨ ᠤ ᠠᠷᠠᠳ ᠤᠨ ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠦᠴᠢᠷᠳᠡᠯᠲᠡᠢ ᠣᠯᠠᠨ ᠲᠦᠮᠡᠨ ᠢ ᠲᠤᠰᠠᠯᠠᠮᠵᠢ  ᠶᠢᠨ ᠪᠡᠯᠡ ᠮᠥᠩᠭᠦ ᠶᠢ ᠴᠤᠭᠯᠠᠭᠤᠯᠬᠤ᠂ ᠬᠤᠪᠢᠶᠠᠷᠢᠯᠠᠬᠤ᠂ ᠰᠠᠯᠭᠠᠨ ᠥᠭᠬᠦ᠂ ᠲᠠᠷᠬᠠᠭᠠᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠬᠥᠮᠥᠨ᠂ ᠠᠵᠢᠯ ᠤᠨ ᠪᠠᠶᠢᠷᠢ ᠳᠤ ᠨᠢ ᠬᠦᠷᠲᠡᠯ᠎ᠡ ᠨᠠᠶᠢᠳᠠᠪᠤᠷᠢᠵᠢᠭᠤᠯᠵᠤ᠂ ᠲᠤᠰᠠᠯᠠᠮᠵᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠭᠤᠭᠴᠤᠭ᠎ᠠ ᠪᠦᠷᠢ ᠶᠢ ᠬᠠᠷᠢᠭᠤᠴᠠᠬᠤ ᠬᠥᠮᠥᠨ ᠲᠠᠢ᠂ ᠬᠢᠬᠦ ᠬᠥᠮᠥᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠵᠣᠬᠢᠴᠠᠭᠤᠯᠬᠤ ᠳᠦᠷᠢᠮ ᠢ ᠪᠠᠶᠢᠭᠤᠯᠤᠨ᠂ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠨᠠᠪᠲᠠᠷᠡᠭᠦᠯᠵᠦ᠂  ᠠᠰᠠᠭᠤᠳᠠᠯ ᠢ  ᠬᠠᠮᠳᠤ ᠪᠠᠷ ᠰᠤᠳᠤᠯᠵᠤ᠂ ᠠᠯᠳᠠᠰᠢ ᠭᠠᠷᠬᠤ ᠶᠢ ᠬᠤᠷᠢᠭᠯᠠᠵᠤ᠂ ᠠᠷᠭ᠎ᠠ ᠬᠡᠮᠵᠢᠶ᠎ᠡ ᠪᠠᠨ ᠲᠡᠬᠦᠯᠳᠡᠷᠵᠢᠬᠦᠯᠬᠦ ᠬᠡᠷᠡᠭᠲᠡᠢ᠃ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠠᠳ ᠤᠨ ᠶᠠᠪᠤᠳᠠᠯ ᠤᠨ ᠠᠵᠢᠯᠲᠠᠨ ᠪᠤᠯᠤᠨ ᠭᠠᠴᠠᠭᠠᠨ ᠤ ᠱᠠᠲᠤᠨ ᠤ ᠬᠠᠪᠰᠤᠷᠤᠭᠴᠢ ᠵᠡᠷᠬᠡ ᠡᠯ᠎ᠡ ᠵᠠᠩᠭᠢᠯᠠᠭ᠎ᠠ ᠶᠢ ᠭᠠᠷᠳᠠᠨ ᠬᠢᠬᠦ ᠬᠥᠮᠥᠰ ᠤᠨ ᠠᠷᠢᠭᠤᠨ ᠴᠢᠭᠴᠢ ᠪᠠᠷ ᠵᠠᠰᠠᠭ ᠪᠠᠷᠢᠬᠤ ᠬᠥᠮᠦᠵᠢᠯ ᠪᠠ ᠬᠠᠤᠯᠢ ᠴᠠᠭᠠᠵᠠ ᠬᠠᠤᠯᠢ ᠲᠦᠷᠢᠮ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠭᠠᠷᠳᠠᠨ ᠬᠢᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠂ ᠵᠣᠷᠢᠭᠤᠳᠠ ᠪᠤᠰᠤ ᠪᠤᠶᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠨᠢ ᠣᠨᠣᠪᠴᠢ ᠦᠭᠡᠢ᠂ ᠲᠤᠰᠠᠯᠠᠭᠤᠯᠤᠭᠴᠢ ᠵᠣᠷᠢᠭᠤᠳᠠ ᠨᠢᠭᠤᠨ ᠳᠠᠯᠳᠠᠯᠠᠭᠰᠠᠨ ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠠᠯᠳᠠᠰᠢ ᠪᠤᠷᠤᠭᠤ ᠭᠠᠷᠤᠭᠰᠠᠨ ᠮᠥᠷᠲᠡᠭᠡᠨ ᠪᠤᠷᠤᠭᠤ ᠲᠠᠷᠬᠠᠭᠠᠬᠰᠠᠨ ᠪᠡᠯᠡ ᠮᠥᠩᠭᠦ ᠶᠢ ᠴᠠᠭ ᠲᠤᠬᠠᠢ ᠳᠤ ᠨᠢ ᠡᠬᠡᠬᠦᠯᠵᠤ ᠠᠪᠴᠢᠷᠠᠬᠰᠠᠨ ᠪᠤᠯ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠲᠠᠨ ᠭᠦᠢᠴᠡᠳᠭᠡᠭᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠲᠦᠷᠢᠭᠦᠯᠬᠦ ᠬᠡᠷᠡᠭᠲᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号