ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ​ᠰᠢᠨ᠎ᠡ ᠤᠨ ᠤ ᠮᠡᠨᠳᠤᠴᠢᠯᠡᠭᠡ
ᠨᠡᠶᠢᠲᠡᠯᠡᠭᠰᠡᠨ ᠴᠠᠭ᠄
2023/1/5
ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠺᠠᠳ᠋ᠷ ᠠᠵᠢᠯᠳᠠᠳ ᠲᠤ᠄    ᠰᠠᠶᠢᠬᠠᠨ ᠡᠪᠤᠯᠵᠢᠵᠤ ᠪᠠᠶᠢᠨ᠎ᠠ ᠤᠤ︖    2023 ᠣᠨ ᠤᠶᠠᠭᠠᠨ ᠲᠡᠬᠡᠷ᠎ᠡ ᠪᠠᠭᠤᠵᠤ ᠪᠠᠶᠢᠭ᠎ᠠ ᠲᠠᠰᠢᠷᠠᠮ ᠢᠶᠠᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠲᠠ ᠪᠦᠬᠦᠨ ᠳᠤ ᠪᠠᠨ ᠰᠢᠨ᠎ᠡ ᠤᠨ ᠤ ᠠᠷᠢᠭᠤᠨ ᠵᠥᠩᠨᠡᠯ ᠢᠶᠠᠨ ᠲᠡᠪᠰᠢᠬᠦᠯᠵᠤ ᠪᠠᠶᠢᠨ᠎ᠠ᠃    2022 ᠣᠨ ᠳᠤ ᠮᠠᠨ ᠤ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠪᠠᠷ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠬᠰᠢᠯᠠᠬᠰᠠᠨ ᠢᠶᠠᠷ ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂  ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠡᠳᠦᠷ ᠢᠷᠡᠬᠦᠶ᠎ᠡ ᠴᠢᠩᠭᠠᠷᠠᠵᠤ᠂ ᠦᠨᠳᠦᠰᠦᠨ ᠨᠡᠶᠢᠭᠡᠮ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠪᠦᠬᠦ ᠲᠠᠯ᠎ᠠ ᠪᠠᠷ ᠳᠡᠭᠡᠭᠰᠢᠯᠡᠵᠦ᠂ ᠪᠦᠬᠦ ᠣᠷᠣᠨ ᠤ ᠠᠷᠠᠳ ᠤᠨ ᠶᠠᠪᠤᠳᠠᠯ ᠤᠨ ᠡᠯ᠎ᠡ ᠵᠦᠢᠯ ᠤᠨ ᠠᠵᠢᠯ ᠰᠢᠨ᠎ᠡ ᠪᠠᠶᠠᠷᠯᠠᠭᠤᠰᠢᠲᠠᠢ ᠠᠮᠵᠢᠯᠲᠠ ᠣᠯᠪᠠ᠃ ᠨᠢᠭᠡ ᠵᠢᠯ ᠤᠨ ᠲᠤᠷᠰᠢ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠡᠮᠦᠨ᠎ᠡ ᠨᠢ ᠭᠠᠪᠰᠢᠭᠠᠶᠢᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂  ᠦᠢᠯᠡᠴᠢᠯᠡᠭᠡ ᠬᠦᠷᠳᠡᠭᠰᠡᠳ ᠤᠨ ᠡᠷᠡᠭᠦᠯ ᠮᠡᠨᠳᠦ ᠠᠮᠤᠷ ᠲᠦᠪᠰᠢᠨ ᠪᠠ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠥᠬᠦ ᠲᠠᠯ᠎ᠠ ᠪᠠᠷ ᠪᠠᠲᠤᠯᠠᠵᠤ᠂ ᠠᠷᠠᠳ ᠤᠨ ᠶᠠᠪᠤᠳᠠᠯ ᠤᠨ ᠬᠦᠴᠦᠷᠬᠡᠭ ᠲᠠᠭᠤᠨ ᠢ ᠬᠠᠩᠭᠢᠨᠠᠭᠤᠯᠤᠨ᠂ ᠠᠷᠠᠳ ᠤᠨ ᠶᠠᠪᠤᠳᠠᠯ ᠤᠨ ᠬᠦᠴᠦᠨ ᠢ ᠢᠯᠡᠷᠡᠭᠦᠯᠵᠦ᠂ ᠠᠷᠠᠳ ᠤᠨ ᠶᠠᠪᠤᠳᠠᠯ ᠤᠨ ᠳᠦᠷᠢ ᠲᠥᠷᠬᠦ ᠶᠢ ᠪᠣᠶ ᠪᠣᠯᠭᠠᠪᠠ᠃    ᠡᠲᠡᠭᠡᠷ ᠠᠮᠵᠢᠯᠲᠠ ᠪᠤᠯ ᠤᠯᠠᠨ ᠢᠶᠠᠷ ᠢᠶᠠᠨ ᠬᠠᠮᠳᠤ ᠪᠠᠷ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠂ ᠲᠠ ᠪᠦᠬᠦᠨ ᠵᠦᠳᠡᠷᠡᠯ᠎ᠡ︕    2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠢᠳᠡ ᠨᠡᠩ ᠪᠠᠲᠤ ᠢᠲᠡᠭᠡᠯ ᠲᠠᠢ᠂ ᠨᠡᠩ ᠪᠠᠲᠤ ᠠᠯᠬᠤᠮ ᠢᠶᠠᠷ ᠤᠷᠤᠭᠰᠢᠯᠠᠶ᠎ᠠ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠡᠩ ᠰᠠᠨᠠᠭᠠᠴᠢᠯᠠᠭ᠎ᠠ ᠠᠴᠠ ᠪᠠᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠠᠷᠠᠳ ᠤᠨ ᠶᠠᠪᠤᠳᠠᠯ ᠤᠨ ᠠᠵᠢᠯ ᠳᠤ ᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂  ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠬᠦᠴᠢᠷ ᠪᠡᠷᠬᠡᠰᠢᠶᠡᠯ ᠢ ᠬᠠᠮᠳᠤ ᠪᠠᠷ ᠲᠤᠭᠤᠯᠵᠤ᠂ ᠬᠦᠴᠦ ᠪᠠᠨ ᠬᠠᠮᠲᠤᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠶᠠᠪᠤᠳᠠᠯ ᠤᠨ ᠦᠢᠯᠡᠰ ᠤᠨ  ᠴᠢᠨᠠᠷᠯᠢᠭ ᠬᠥᠭᠵᠢᠯᠲᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ  ᠪᠢᠴᠢᠭᠯᠡᠵᠡᠭᠡᠶ᠎ᠡ᠃ 
 
ᠢᠷᠡᠯᠲᠡ᠄ ​ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号