ᠠᠷᠠᠳ ᠤᠨ ᠶᠠᠪᠤᠳᠠᠯ ᠤᠨ ᠲᠢᠩᠬᠢᠮ ᠤᠨ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠬᠢᠨ 2023 ᠣᠨ ᠤ ᠪᠦᠬᠦ ᠣᠷᠣᠨ ᠤ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/11/22
     ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠬᠡᠷᠡᠭᠵᠢᠭᠦᠯᠦᠯᠲᠡ ᠶᠢ ᠠᠬᠢᠭᠤᠯᠵᠦ᠂ ᠪᠦᠬᠦ ᠣᠷᠣᠨ ᠤ ᠡᠷᠡᠭᠦᠯᠵᠢᠯ ᠳᠤ ᠲᠤᠰᠠᠯᠠᠬᠤ ᠪᠠᠭᠠᠵᠢ ᠶᠢᠨ ᠲᠤᠰᠬᠠᠢ ᠮᠡᠷᠭᠡᠵᠢᠯᠲᠡᠨ ᠤ ᠡᠩᠨᠡᠭᠡ ᠶᠢᠨ ᠪᠠᠶᠢᠭᠤᠯᠤᠯᠲᠠ ᠶᠢ ᠲᠦᠷᠬᠡᠳᠬᠡᠨ᠂ ᠡᠷᠡᠭᠦᠯᠵᠢᠯ ᠳᠤ ᠲᠤᠰᠠᠯᠠᠬᠤ ᠪᠠᠭᠠᠵᠢ ᠶᠢᠨ ᠲᠣᠬᠢᠷᠠᠭᠤᠯᠤᠯᠲᠠ ᠶᠢ ᠤᠨᠤᠴᠠᠳᠠᠢ ᠪᠦᠬᠡᠳ ᠨᠠᠷᠢᠯᠢᠭ ᠪᠤᠯᠭᠠᠬᠤ ᠶᠢᠨ ᠲᠥᠯᠥᠭᠡ ᠠᠷᠠᠳ ᠤᠨ ᠶᠠᠪᠤᠳᠠᠯ ᠤᠨ ᠲᠢᠩᠬᠢᠮ ᠤᠨ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠬᠢᠨ  7 ᠳ᠋ᠤᠭᠠᠷ ᠰᠠᠷ᠎ᠠ ᠶᠢᠨ 31 ᠠᠴᠠ 8 ᠳ᠋ᠤᠭᠠᠷ ᠰᠠᠷ᠎ᠠ ᠶᠢᠨ 3 ᠪᠣᠯᠲᠠᠯ᠎ᠠ ᠬᠥᠬᠡᠬᠤᠲᠠ ᠳᠤ 2023 ᠣᠨ ᠤ ᠪᠦᠬᠦ ᠣᠷᠣᠨ ᠤ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠳᠣᠪᠴᠢᠶ᠎ᠠ ᠶᠢᠨ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠥᠰᠦᠯ ᠢ ᠬᠠᠷᠢᠭᠤᠴᠠᠵᠦ ᠪᠣᠢ ᠨᠦᠬᠦᠳ ᠪᠣᠯᠣᠨ ᠬᠡᠰᠡᠭ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠮᠢᠶ᠎ᠠ ᠪᠦᠬᠦᠢ 52 ᠠᠵᠢᠯᠲᠠᠨ ᠪᠣᠯᠪᠠᠰᠤᠷᠠᠯ ᠳᠤ ᠣᠷᠣᠯᠴᠠᠵᠠᠢ᠃   ᠪᠣᠯᠪᠠᠰᠤᠷᠠᠯ ᠲᠡᠬᠡᠷ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ  ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠴᠢᠶᠣᠣ ᠯᠢ ᠷᠦᠩ᠂ ᠤᠯᠤᠰ ᠤᠨ ᠡᠷᠡᠭᠦᠯᠵᠢᠯ ᠤᠨ ᠲᠥᠪ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠡᠷᠬᠢᠯᠡᠭᠴᠢ ᠸᠠᠩ ᠵᠧᠨ ᠵᠢᠶᠦ᠋ᠨ ᠪᠣᠯᠣᠨ ᠠᠷᠠᠳ ᠤᠨ ᠶᠠᠪᠤᠳᠠᠯ ᠤᠨ ᠲᠢᠩᠬᠢᠮ ᠤᠨ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠬᠠᠮᠢᠶ᠎ᠠ ᠪᠦᠬᠦᠢ ᠠᠵᠢᠯᠲᠠᠨ ᠢ ᠤᠷᠢᠵᠤ᠂ ᠭᠤᠣᠯᠳᠠᠭᠤ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠥᠷᠥ ᠶᠢᠨ ᠪᠣᠳᠣᠯᠭ᠎ᠠ ᠪᠣᠯᠣᠨ ᠮᠥᠴᠢ᠂ ᠰᠣᠨᠣᠷ᠂ ᠬᠢᠮᠡᠯ ᠮᠥᠴᠢ᠂ ᠵᠥᠭᠰᠢᠷᠡᠭᠦᠯᠬᠦ ᠪᠠᠭᠠᠵᠢ ᠲᠠᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠲᠠᠶᠢᠯᠪᠤᠷᠢᠯᠠᠭᠤᠯᠵᠠᠢ᠃   ᠡᠷᠡᠭᠦᠯᠵᠢᠯ ᠳᠤ ᠲᠤᠰᠠᠯᠠᠬᠤ ᠪᠠᠭᠠᠵᠢ ᠶᠢᠨ ᠲᠤᠬᠠᠢ ᠣᠶᠢᠯᠠᠭᠠᠯᠲᠠ ᠶᠢ ᠨᠡᠩ ᠭᠦᠨᠵᠡᠭᠡᠶᠢᠷᠡᠭᠦᠯᠬᠦ ᠶᠢᠨ ᠲᠤᠰᠠᠲᠠ ᠪᠣᠯᠪᠠᠰᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠦᠪᠦᠷ ᠮᠣᠩᠭᠤᠯ ᠤᠨ ᠡᠷᠡᠭᠦᠯᠵᠢᠯ ᠤᠨ ᠲᠤᠰᠠᠯᠠᠬᠤ ᠪᠠᠭᠠᠵᠢ ᠪᠠ ᠨᠠᠰᠤᠵᠢᠯᠲᠠ ᠳᠤ ᠳᠣᠬᠢᠷᠠᠬᠤ ᠦᠢᠯᠡᠳᠭᠦᠨ ᠤ ᠦᠵᠡᠭᠦᠯᠦᠯᠭᠡ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ  ᠪᠣᠯᠣᠨ ᠠᠷᠠᠳ ᠤᠨ ᠶᠠᠪᠤᠳᠠᠯ ᠤᠨ ᠲᠢᠩᠬᠢᠮ ᠤᠨ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠲᠤ ᠬᠦᠷᠴᠦ ᠲᠣᠭᠤᠷᠢᠨ  ᠦᠵᠡᠬᠦᠯᠪᠡ᠃ ᠲᠡᠳᠡ ᠡᠯ᠎ᠡ ᠵᠦᠢᠯ ᠤᠨ ᠡᠷᠡᠭᠦᠯᠵᠢᠯ ᠳᠤ ᠲᠤᠰᠠᠯᠠᠬᠤ ᠪᠠᠭᠠᠵᠢ ᠶᠢᠨ ᠦᠢᠯᠡᠳᠦᠯ ᠴᠢᠳᠠᠪᠬᠢ ᠪᠣᠯᠣᠨ ᠬᠡᠷᠡᠭᠯᠡᠯᠲᠡ ᠶᠢ ᠲᠤᠷᠰᠢᠨ ᠣᠶᠢᠯᠠᠭᠠᠵᠤ᠂ ᠡᠷᠡᠭᠦᠯᠵᠢᠯ ᠳᠤ ᠲᠤᠰᠠᠯᠠᠬᠤ ᠪᠠᠭᠠᠵᠢ ᠶᠢᠨ ᠪᠣᠳᠠᠲᠤ ᠬᠡᠷᠡᠭᠯᠡᠭᠡᠨ ᠤ ᠪᠠᠶᠢᠳᠠᠯ ᠢ ᠲᠣᠭᠤᠷᠢᠨ ᠦᠵᠡᠭᠡᠳ ᠡᠮᠴᠢᠯᠡᠭᠡᠨ ᠤ ᠡᠷᠡᠭᠦᠯᠵᠢᠯ᠂ ᠬᠢᠮᠡᠯ ᠮᠥᠴᠢ᠂ ᠵᠥᠭᠰᠢᠷᠡᠭᠦᠯᠬᠦ ᠪᠠᠭᠠᠵᠢ᠂ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠬᠤ ᠪᠠ ᠬᠠᠮᠠᠭᠠᠯᠠᠬᠤ᠂ ᠶᠠᠪᠤᠵᠦ ᠰᠠᠭᠤᠬᠤ᠂ ᠭᠡᠷ ᠵᠠᠭᠤᠷ᠎ᠠ ᠶᠢᠨ ᠠᠵᠢᠯ᠂ ᠴᠢᠮᠡᠭᠡ ᠬᠤᠯᠪᠣᠭ᠎ᠠ ᠪᠠᠷᠢᠬᠤ ᠲᠥᠷᠥᠯ ᠤᠨ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠢ ᠭᠦᠨᠵᠡᠭᠡᠢ ᠣᠶᠢᠯᠠᠭᠠᠵᠠᠢ᠃ ᠠᠷᠠᠳ ᠤᠨ ᠶᠠᠪᠤᠳᠠᠯ ᠤᠨ ᠲᠢᠩᠬᠢᠮ ᠤᠨ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠲᠤ ᠪᠣᠯᠪᠠᠰᠤᠷᠠᠯ ᠳᠤ ᠣᠷᠣᠯᠴᠠᠭᠰᠠᠳ ᠡᠷᠡᠭᠦᠯᠵᠢᠯ ᠳᠤ ᠲᠤᠰᠠᠯᠠᠬᠤ ᠪᠠᠭᠠᠵᠢ ᠪᠣᠯᠣᠨ ᠬᠥᠯ ᠵᠥᠭᠰᠢᠷᠡᠭᠦᠯᠬᠦ ᠪᠠᠭᠠᠵᠢ ᠬᠡᠷᠡᠭᠰᠡᠯ ᠤᠨ ᠬᠥᠭᠵᠢᠯᠲᠡ ᠶᠢᠨ ᠶᠠᠪᠤᠴᠠ᠂ ᠦᠢᠯᠡᠳᠬᠦ ᠤᠷ᠎ᠠ ᠮᠡᠷᠭᠡᠵᠢᠯ᠂ ᠬᠡᠷᠡᠭᠯᠡᠬᠦ ᠠᠷᠭ᠎ᠠ ᠪᠠᠷᠢᠯ ᠪᠣᠯᠣᠨ ᠬᠠᠮᠢᠶ᠎ᠠ ᠪᠦᠬᠦᠢ ᠠᠵᠢᠯ ᠤᠨ ᠮᠡᠳᠡᠯᠭᠡ ᠵᠡᠷᠭᠡ ᠶᠢ ᠲᠣᠭᠤᠷᠢᠨ ᠦᠵᠡᠵᠦ ᠰᠤᠷᠤᠯᠴᠠᠪᠠ᠃    8 ᠳ᠋ᠤᠭᠠᠷ ᠰᠠᠷ᠎ᠠ ᠶᠢᠨ 3 ᠤ ᠦᠳᠡ ᠶᠢᠨ ᠬᠤᠶᠢᠨᠠᠬᠢ ᠶᠠᠷᠢᠯᠴᠠᠯᠭ᠎ᠠ ᠳᠡᠭᠡᠷ᠎ᠡ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠥᠰᠥᠯ ᠤᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠣᠨᠣᠴᠠᠲᠠᠢ ᠰᠢᠭᠰᠢᠨ ᠪᠠᠶᠢᠴᠠᠭᠠᠯᠲᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠬᠠᠮᠢᠶᠠᠷᠤᠯᠲᠠ ᠪᠠᠨ ᠴᠢᠩᠭᠠᠳᠬᠠᠬᠤ ᠠᠰᠠᠭᠤᠳᠠᠯ ᠤᠨ ᠲᠤᠭᠤᠷᠢᠨ ᠳᠤ ᠲᠤᠷᠰᠢᠯᠭ᠎ᠠ ᠪᠠᠨ ᠰᠣᠯᠢᠯᠴᠠᠨ ᠠᠰᠠᠭᠤᠳᠠᠯ ᠢ ᠰᠣᠳᠣᠯᠣᠨ ᠶᠠᠷᠢᠯᠴᠠᠵᠤ᠂ ᠡᠷᠡᠭᠦᠯᠵᠢᠯ ᠳᠤ ᠲᠤᠰᠠᠯᠠᠬᠤ ᠪᠠᠭᠠᠵᠢ ᠶᠢᠨ ᠲᠥᠪ ᠤᠨ ᠤᠳᠤᠷᠢᠳᠤᠯᠭ᠎ᠠ ᠪᠣᠯᠣᠨ ᠭᠤᠣᠯ ᠶᠠᠷᠢᠭᠴᠢ ᠵᠠᠳᠠᠯᠤᠨ ᠲᠠᠶᠢᠯᠪᠦᠷᠢᠯᠠᠵᠦ ᠥᠭᠪᠡ᠃     ︽ᠲᠣᠰ ᠪᠣᠯᠪᠠᠰᠤᠷᠠᠯ ᠤᠨ ᠴᠠᠭ ᠨᠢ ᠠᠪᠰᠠᠷᠬᠠᠨ᠂ ᠡᠮᠬᠢ ᠵᠢᠷᠤᠮ ᠲᠠᠢ᠂ ᠵᠢᠭᠠᠨ ᠰᠤᠷᠭᠠᠯᠲᠠ ᠶᠢᠨ ᠬᠡᠯᠪᠡᠷᠢ ᠨᠢ ᠠᠮᠢᠳᠤᠯᠢᠭ᠂ ᠠᠭᠤᠯᠭ᠎ᠠ ᠨᠢ ᠪᠠᠶᠠᠯᠢᠭ᠃ ᠡᠷᠡᠭᠦᠯᠵᠢᠯ ᠳᠤ ᠲᠤᠰᠠᠯᠠᠬᠤ ᠪᠠᠭᠠᠵᠢ ᠨᠢ ᠬᠡᠷᠡᠭᠴᠡᠭᠡ ᠱᠠᠭᠠᠷᠳᠠᠯᠭ᠎ᠠ ᠪᠦᠬᠦᠢ ᠬᠦᠮᠦᠰ ᠲᠤ ᠬᠡᠴᠢᠨᠡᠬᠡᠨ ᠴᠢᠬᠤᠯᠠ ᠪᠠᠶᠢᠳᠠᠭ ᠭᠡᠳᠡᠭ ᠢ ᠪᠢᠳᠡ ᠤᠯᠠᠮ ᠰᠠᠶᠢᠨ ᠲᠠᠨᠢᠬᠰᠠᠨ᠂ ᠡᠨᠡ ᠨᠢ ︿ᠡᠷᠡᠭᠦᠯᠵᠢᠯ ᠳᠤ ᠲᠤᠰᠠᠯᠠᠬᠤ ᠢᠨᠵᠧᠨᠧᠷᠢᠩ﹀ ᠲᠥᠰᠥᠯ ᠤᠨ ᠵᠣᠬᠢᠴᠠᠭᠤᠯᠬᠤ᠂ ᠵᠣᠯᠭᠠᠭᠤᠯᠬᠤ ᠪᠣᠯᠣᠨ ᠵᠡᠮᠳᠡᠭᠴᠦᠳ ᠢ ᠪᠦᠷᠢᠳᠭᠡᠬᠦ ᠠᠵᠢᠯ ᠢ ᠰᠠᠶᠢᠲᠤᠷ ᠬᠢᠬᠦ ᠳᠤ ᠰᠠᠶᠢᠨ ᠠᠷᠭ᠎ᠠ ᠵᠠᠮ  ᠬᠠᠩᠭᠠᠵᠤ᠂ ᠰᠡᠳᠬᠢᠭᠦᠢ ᠶᠢ ᠨᠡᠭᠡᠭᠡᠵᠠᠢ᠃  ᠵᠡᠮᠳᠡᠭᠴᠦᠳ ᠲᠤ ᠦᠢᠯᠡᠴᠢᠯᠡᠬᠦ ᠴᠢᠳᠠᠪᠦᠷᠢ ᠶᠢᠨ ᠪᠠᠶᠢᠭᠤᠯᠤᠯᠲᠠ ᠪᠠᠨ ᠳᠠᠰᠤᠷᠠᠯᠲᠠ ᠦᠭᠡᠢ ᠳᠡᠭᠡᠭᠰᠢᠯᠡᠬᠦᠯᠵᠦ᠂ ︿ᠡᠷᠡᠭᠦᠯᠵᠢᠯ ᠳᠤ ᠲᠤᠰᠠᠯᠠᠬᠤ ᠢᠨᠵᠧᠨᠧᠷᠢᠩ ﹀ ᠢ ᠦᠨᠡᠨ ᠬᠦ ᠨᠠᠶᠢᠳᠠᠪᠤᠷᠢᠵᠢᠭᠤᠯᠵᠤ᠂ ᠬᠦᠴᠢᠷᠳᠡᠯᠲᠠᠢ ᠵᠡᠮᠳᠡᠭᠴᠦᠳ ᠲᠤ ᠨᠡᠩ ᠰᠢᠯᠢᠳᠡᠭ᠂ ᠨᠡᠩ ᠣᠨᠣᠴᠠᠲᠠᠢ ᠦᠢᠯᠡᠴᠢᠯᠡᠭᠡ ᠬᠠᠩᠭᠠᠨ᠎ᠠ︾ ᠭᠡᠵᠦ ᠪᠣᠯᠪᠠᠰᠤᠷᠠᠯ ᠳᠤ ᠣᠷᠣᠯᠴᠠᠭᠰᠠᠳ ᠶᠠᠷᠢᠵᠠᠭᠠᠵᠤ ᠪᠠᠶᠢᠯ᠎ᠠ᠃         
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号