ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ
ᠨᠡᠶᠢᠲᠡᠯᠡᠭᠰᠡᠨ ᠴᠠᠭ᠄
2023/12/4
    ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠪᠠ ᠶᠡᠷᠦᠩᠬᠡᠶᠢᠯᠡᠭᠰᠡᠨ ᠴᠢᠨᠠᠷᠲᠠᠢ ᠪᠠᠶᠢᠴᠠᠭᠠᠨ ᠰᠤᠳᠤᠯᠤᠯᠲᠠ ᠶᠢ ᠬᠠᠷᠢᠭᠤᠴᠠᠵᠤ ᠂ ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ ᠠᠵᠢᠯ ᠢ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠬᠤ ᠶᠢ ᠬᠠᠷᠢᠭᠤᠴᠠᠨ᠎ᠠ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ ᠲᠥᠷᠥ ᠶᠢᠨ ᠪᠣᠳᠣᠯᠭ᠎ᠠ ᠶᠢᠨ ᠠᠷᠭ᠎ᠠ ᠶᠢᠨ ᠭᠤᠥᠯᠴᠢ ᠥᠷᠢᠰᠦᠯᠳᠦᠭᠡᠨ ᠤ ᠬᠢᠨᠠᠨ ᠠᠷᠠᠳ ᠤᠨ ᠶᠠᠪᠤᠳᠠᠯ ᠤᠨ ᠰᠢᠰᠲ᠋ᠧᠮ ᠤᠨ ᠬᠠᠤᠯᠢ ᠲᠦᠭᠡᠮᠡᠯᠵᠢᠭᠦᠯᠬᠦ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠠᠵᠢᠯ ᠢ ᠠᠷᠠᠳ ᠤᠨ ᠶᠠᠪᠤᠳᠠᠯ ᠤᠨ ᠠᠵᠢᠯ ᠤᠨ ᠬᠠᠤᠯᠢ ᠪᠠᠷ ᠵᠠᠰᠠᠬᠤ᠂ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠪᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠠᠵᠢᠯ  ᠤᠨ ᠬᠤᠪᠢᠶᠠᠷᠢᠯᠠᠯ ᠶᠣᠰᠣᠭᠠᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃᡾ᠠᠷᠠᠳ ᠤᠨ ᠶᠠᠪᠤᠳᠠᠯ ᠤᠨ ᠰᠢᠰᠲ᠋ᠧᠮ ᠤᠨ ᠠᠵᠢᠯ ᠲᠥᠷᠥᠯ ᠤᠨ ᠬᠢᠨ ᠤ ᠰᠤᠷᠲᠠᠯ ᠤᠨ ᠪᠠᠶᠢᠭᠤᠯᠤᠯᠲᠠ ᠶᠢ ᠵᠢᠯᠣᠭᠤᠳᠤᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠭᠢᠮ ᠤᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号