ᠤᠷᠤᠨ ᠬᠤᠪᠢᠶᠠᠷᠢᠯᠠᠯ ᠭᠠᠵᠠᠷ ᠤᠨ ᠨᠡᠷᠡᠰ ᠤᠨ ᠭᠠᠵᠠᠷ
ᠨᠡᠶᠢᠲᠡᠯᠡᠭᠰᠡᠨ ᠴᠠᠭ᠄
2023/12/4
  ᠪᠦᠬᠦ ᠣᠷᠣᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠪᠣᠯᠣᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ  ᠪᠠ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠴᠠᠭᠠᠵᠨ᠂ ᠳᠦᠷᠢᠮ ᠲᠣᠭᠲᠠᠭᠠᠯ ᠤᠨ ᠲᠥᠰᠥᠯ   ᠢ  ᠲᠤᠭᠤᠷᠪᠢᠨ᠎ᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢ ᠪᠠᠶᠢᠭᠤᠯᠬᠤ᠂ ᠬᠦᠴᠦᠨ ᠦᠭᠡᠢ ᠪᠣᠯᠭᠠᠬᠤ᠂ ᠨᠡᠷ᠎ᠡ ᠶᠢ ᠨᠢ ᠬᠠᠯᠠᠬᠤ᠂ ᠵᠠᠰᠠᠭ ᠵᠠᠬᠢᠷᠭᠠᠨ ᠤ ᠣᠷᠣᠨ ᠤ ᠵᠠᠭᠠᠭ ᠢ ᠬᠤᠪᠢᠷᠠᠭᠤᠯᠬᠤ ᠪᠠ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠵᠦᠢᠯᠡᠰ ᠢ ᠬᠢᠨᠠᠨ ᠬᠠᠷᠭᠤᠭᠤᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠪᠠᠶᠢᠭᠤᠯᠬᠤ᠂ ᠬᠠᠰᠤᠬᠤ᠂ ᠨᠡᠷ᠎ᠡ ᠶᠢ ᠨᠢ ᠬᠠᠯᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠠ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠳᠠᠭᠠᠭᠠᠨ ᠬᠢᠨ᠎ᠡ᠃ ᠪᠦᠬᠦ ᠣᠷᠣᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠣᠷᠣᠨ ᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠡᠷᠬᠡ ᠮᠡᠳᠡᠯ ᠤᠨ ᠶᠣᠰᠣᠭᠠᠷ ᠬᠠᠷᠢᠭᠤᠴᠠᠨ᠎ᠠ᠃ ᠬᠤᠲᠠ ᠬᠥᠳᠡᠭᠡ ᠶᠢᠨ ᠭᠠᠵᠠᠷ ᠤᠨ ᠨᠡᠷᠡᠰ ᠤᠨ ᠲᠡᠮᠳᠡᠭ ᠢ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠪᠠᠷᠢᠮᠵᠢᠶᠠᠲᠤ ᠭᠠᠵᠠᠷ ᠤᠨ ᠨᠡᠷ᠎ᠡ ᠶᠢᠨ ᠬᠡᠪᠯᠡᠭᠳᠡᠬᠦᠨ ᠢ ᠬᠢᠨᠠᠨ ᠲᠣᠭᠲᠠᠭᠠᠨ᠎ᠠ᠃
 
ᠢᠷᠡᠯᠲᠡ᠄ ᠦᠪᠤᠷ ᠮᠤᠩᠭᠤᠯ ᠤᠨ ︽ᠨᠡᠶᠢᠬᠡᠮ︾ ᠰᠡᠳᠬᠦᠯ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号