ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ
ᠨᠡᠶᠢᠲᠡᠯᠡᠭᠰᠡᠨ ᠴᠠᠭ᠄
2023/12/4
ᠭᠤᠣᠯ ᠡᠭᠦᠷᠭᠡ ᠬᠠᠷᠢᠭᠤᠴᠠᠯᠭ᠎ᠠ᠄   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ  ᠬᠤᠷᠢᠶ᠎ᠠ ᠶᠢᠨ ᠬᠢᠨ ᠤ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ 2018 ᠣᠨ ᠤ 5 ᠰᠠᠷ᠎ᠠ ᠳᠤ ᠳᠠᠷᠤᠮᠠᠯᠯᠠᠨ ᠲᠠᠷᠬᠠᠭᠠᠪᠠ︶ ᠢ ᠦᠨᠳᠦᠰᠦᠯᠡᠪᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠶᠢᠨ ᠠᠷᠠᠳ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠡᠭᠦᠷᠭᠡ ᠲᠤᠰᠢᠶᠠᠯ ᠲᠠᠷᠠᠭᠠᠬᠢ ᠮᠡᠳᠤ᠄   1. ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ  ᠶᠢᠨ ᠠᠷᠠᠳ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ︵︽ᠠᠷᠠᠳ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︾ ᠭᠡᠵᠦ  ᠲᠦᠬᠦᠮᠴᠢᠯᠡᠶ᠎ᠡ︶ ᠪᠣᠯ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠶᠢᠨ ᠴᠢᠬᠤᠯᠠ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ  ᠬᠤᠷᠢᠶ᠎ᠠ ᠶᠢᠨ ᠬᠢᠨ ᠠᠴᠠ ᠰᠢᠭᠤᠳ ᠤᠳᠤᠷᠢᠳᠤᠨ᠂ ᠨᠢᠭᠡᠳᠦᠯᠲᠡᠢ ᠬᠠᠮᠢᠶᠠᠷᠴᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠳᠤ ᠬᠠᠷᠢᠭᠤᠴᠠᠬᠤ ᠶᠢᠨ ᠬᠠᠮᠲᠤ ᠵᠢᠭᠠᠪᠤᠷᠢ ᠠᠪᠴᠤ ᠠᠵᠢᠯ ᠢᠶᠠᠨ ᠮᠡᠳᠡᠭᠦᠯᠦᠨ᠎ᠡ᠃   2. ᠠᠷᠠᠳ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠳᠤ ᠴᠢᠩᠭ᠎ᠠ ᠲᠦᠰᠢᠭᠯᠡᠨ ᠠᠵᠢᠯ ᠢᠶᠠᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠵᠡᠮᠳᠡᠭᠴᠦᠳ ᠤᠨ ᠬᠤᠯᠪᠤᠭ᠎ᠠ ᠳᠤ ᠰᠠᠭᠤᠵᠤ᠂ ᠰᠠᠬᠢᠯᠭ᠎ᠠ ᠪᠠᠲᠤ ᠪᠠᠶᠢᠴᠠᠭᠠᠬᠤ ᠪᠠ ᠬᠢᠨᠠᠨ ᠪᠠᠶᠢᠴᠠᠭᠠᠬᠤ ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠭᠦᠢᠴᠡᠳᠬᠡᠵᠦ᠂ ᠬᠢᠨᠠᠯᠲᠠ ᠲᠠᠯᠪᠢᠬᠤ ᠬᠠᠷᠠᠭ᠎ᠠ ᠪᠠᠨ ᠬᠢᠨᠠᠯᠲᠠ ᠲᠠᠯᠪᠢᠭᠳᠠᠵᠤ ᠪᠠᠶᠢᠭ᠎ᠠ ᠨᠢᠬᠡᠴᠢ ᠶᠢᠨ ᠬᠠᠮᠤᠭ ᠤᠨ ᠡᠮᠦᠨ᠎ᠡ ᠲᠠᠯ᠎ᠠ ᠳᠤ ᠬᠦᠷᠲᠡᠯ᠎ᠡ ᠦᠷᠭᠦᠯᠵᠢᠯᠡᠭᠦᠯᠦᠨ᠂ ︽ᠬᠠᠷᠠᠭᠤᠯ ᠤᠨ ᠴᠡᠷᠢᠭ︾ ᠪᠠ ︽ᠬᠠᠶᠢᠭᠤᠷ︾ ᠪᠣᠯᠭᠠᠵᠤ᠂ ᠨᠠᠩ ᠨᠠᠷᠢᠯᠢᠭ ᠣᠨᠣᠴᠠᠲᠠᠢ᠂ ᠪᠦᠲᠦᠮᠵᠢᠲᠡᠶ ᠬᠢᠨᠠᠯᠲᠠ ᠲᠠᠯᠪᠢᠨ᠎ᠠ᠃    3. ᠠᠷᠠᠳ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠬᠢᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠵᠡᠮᠳᠡᠭᠴᠦᠳ ᠤᠨ ᠬᠤᠯᠪᠤᠭ᠎ᠠ ᠪᠣᠯ ᠬᠢᠨᠠᠯᠲᠠ ᠲᠠᠯᠪᠢᠬᠤ ᠪᠠ ᠬᠢᠨᠠᠯᠲᠠ ᠲᠠᠯᠪᠢᠬᠳᠠᠬᠤ ᠶᠢᠨ ᠬᠠᠷᠢᠴᠠᠭ᠎ᠠ ᠲᠠᠢ᠂ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠨᠢ ᠭᠤᠣᠯᠳᠠᠭᠤ ᠬᠢᠨᠠᠯᠲᠠ ᠲᠠᠯᠪᠢᠭᠳᠠᠬᠤ ᠨᠢᠬᠡᠴᠢ ᠶᠢᠨ ᠲᠣᠰ ᠱᠠᠲᠤᠨ ᠤ ᠪᠠᠶᠢᠭᠤᠯᠭ᠎ᠠ᠂ ᠰᠢᠭᠤᠳ ᠬᠠᠷᠢᠶ᠎ᠠ ᠨᠢᠬᠡᠴᠢ ᠪᠠᠶᠢᠵᠤ᠂ ᠬᠢᠨᠠᠯᠲᠠ ᠲᠠᠯᠪᠢᠬᠤ ᠭᠤᠣᠯᠳᠠᠯᠭ᠎ᠠ ᠲᠠᠢ ᠡᠲᠡᠭᠡᠳ ᠪᠣᠯ ᠬᠢᠨᠠᠯᠲᠠ ᠲᠠᠯᠪᠢᠭᠳᠠᠬᠤ ᠨᠢᠬᠡᠴᠢ ᠶᠢᠨ ᠤᠳᠤᠷᠢᠳᠬᠤ ᠪᠠᠭ᠂ ᠣᠷᠣᠨ ᠤ ᠬᠠᠮᠢᠶᠠᠷᠤᠯᠲᠠ ᠶᠢᠨ ᠺᠠᠳ᠋ᠷ ᠪᠠ ᠭᠠᠵᠠᠷ ᠤᠨ ᠲᠠᠰ ᠤᠨ ᠺᠠᠳ᠋ᠷ ᠪᠣᠯᠣᠨ᠎ᠠ᠃     4. ᠠᠷᠠᠳ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠵᠡᠮᠳᠡᠭᠴᠦᠳ ᠤᠨ ᠬᠤᠯᠪᠤᠭ᠎ᠠ ᠶᠢᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠰᠢᠭᠤᠳ ᠬᠠᠷᠢᠶ᠎ᠠ  ᠨᠢᠬᠡᠴᠢ  ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠠᠰᠠᠭᠤᠳᠠᠯ ᠤᠨ ᠰᠦᠪᠡᠭᠴᠢ ᠶᠢ ᠬᠠᠷᠢᠯᠴᠠᠨ ᠰᠢᠯᠵᠢᠭᠦᠯᠦᠨ ᠬᠦᠷᠭᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠠᠷᠠᠳ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠬᠢᠨᠠᠯᠲᠠ ᠲᠠᠯᠪᠢᠭᠳᠠᠵᠤ ᠪᠠᠶᠢᠭ᠎ᠠ ᠨᠢᠬᠡᠴᠢ ᠶᠢᠨ ᠬᠠᠮᠢᠶᠠᠷᠴᠤ ᠪᠠᠶᠢᠭ᠎ᠠ ᠰᠠᠬᠢᠯᠭ᠎ᠠ ᠪᠠᠲᠤ ᠪᠠᠶᠢᠴᠠᠭᠠᠬᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠦᠴᠦᠨ ᠳᠤ ᠲᠣᠬᠢᠷᠠᠭᠤᠯᠤᠯᠲᠠ ᠬᠢᠵᠦ᠂ ᠬᠢᠨᠠᠯᠲᠠ ᠲᠠᠯᠪᠢᠬᠤ ᠬᠠᠮ ᠬᠦᠴᠦᠨ ᠢ ᠪᠣᠶ ᠪᠤᠯᠭᠠᠨ᠎ᠠ᠃   5. ᠠᠷᠠᠳ ᠤᠨ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠨᠡᠬᠡᠮᠵᠢᠯᠡᠬᠦ ᠪᠠ ᠬᠢᠨᠠᠯᠲᠠ ᠲᠠᠯᠪᠢᠵᠤ ᠪᠠᠶᠢᠴᠠᠭᠠᠨ ᠰᠢᠢᠳᠪᠦᠷᠢᠯᠡᠬᠦ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠭᠳᠠᠵᠤ ᠪᠠᠶᠢᠭ᠎ᠠ  ᠨᠢᠬᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠺᠠᠳ᠋ᠷᠴᠤᠳ ᠤᠨ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠨᠢᠭᠡᠴᠢ ᠪᠠ ᠠᠯᠪᠠᠨ ᠲᠤᠰᠢᠶᠠᠯᠲᠠᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠡᠷᠬᠡ ᠪᠠᠨ ᠭᠤᠣᠯᠴᠢ ᠪᠠᠷ ᠬᠡᠷᠡᠭᠯᠡᠬᠦ᠂ ᠠᠷᠢᠭᠤᠨ ᠴᠢᠭᠴᠢ ᠪᠠᠷ ᠵᠠᠰᠠᠭ ᠤᠨ ᠠᠵᠢᠯ ᠡᠷᠬᠢᠯᠡᠬᠦ᠂ ᠶᠣᠰᠣ ᠮᠣᠷᠠᠯ ᠬᠡᠪ ᠰᠤᠷᠲᠠᠯ ᠵᠡᠷᠭᠡ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠴᠤ ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠨᠠᠮ ᠤᠨ ᠳᠣᠲᠣᠭᠠᠳᠤ ᠶᠢᠨ ᠬᠢᠨᠠᠯᠲᠠ ᠪᠠ ᠤᠯᠤᠰ ᠤᠨ ᠬᠢᠨᠠᠨ ᠪᠠᠶᠢᠴᠠᠭᠠᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢᠨ ᠡᠷᠬᠡ ᠰᠦᠷᠲᠦ ᠴᠢᠨᠠᠷ᠂ ᠲᠥᠪ ᠴᠢᠩᠭ᠎ᠠ ᠴᠢᠨᠠᠷ ᠢ ᠬᠠᠮᠠᠭᠠᠯᠠᠨ᠎ᠠ᠃
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号