ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠠᠵᠢᠯ ᠤᠨ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/2/14
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠠᠷᠠᠳ ᠤᠨ ᠶᠠᠪᠤᠳᠠᠯ ᠤᠨ ᠶᠠᠮᠤᠨ ᠤ ᠠᠷᠠᠳ ᠤᠨ ᠶᠠᠪᠤᠳᠠᠯ ᠤᠨ ᠦᠢᠯᠡᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ︾ ᠪᠤᠯᠤᠨ  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠠᠵᠢᠯ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠪᠣᠯᠣᠨ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠴᠢᠩᠭᠠᠳᠬᠠᠨ ᠵᠢᠷᠤᠮᠵᠢᠭᠤᠯᠵᠤ᠂ ᠠᠵᠢᠯ ᠤᠨ ᠲᠣᠭᠲᠠᠴᠠ ᠶᠢᠨ ᠲᠠᠯ᠎ᠠ ᠠᠴᠠ ︽ᠲᠤᠭ᠎ᠠ ᠪᠠᠷᠢᠮᠳᠠ ᠣᠯᠠᠨ ᠲᠠᠯ᠎ᠠ ᠠᠴᠠ ᠢᠷᠡᠬᠦ︾ ᠦᠵᠡᠭᠳᠡᠯ ᠢ ᠰᠢᠢᠳᠪᠦᠷᠢᠯᠡᠵᠦ᠂ ᠠᠷᠠᠳ ᠤᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨᠴᠢ᠂ ᠵᠢᠷᠤᠮᠵᠢᠭᠰᠠᠨ ᠳᠦᠷᠢᠮ ᠢ ᠪᠠᠶᠢᠭᠤᠯᠬᠤ ᠶᠢᠨ ᠲᠦᠯᠦᠬᠡ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠲᠥᠯᠦᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ ᠤᠨ ᠬᠢᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ ᠬᠡᠪᠯᠡᠬᠦᠯᠤᠨ ᠲᠠᠷᠬᠠᠭᠠᠪᠠ᠃ ᠲᠣᠰ ᠠᠷᠭ᠎ᠠ ᠳᠤ 6 ᠬᠡᠰᠡᠭ 40 ᠠᠭᠤᠯᠭ᠎ᠠ ᠪᠣᠶ᠂ ᠲᠤᠬᠠᠶᠢᠯᠠᠪᠠᠯ ᠶᠡᠷᠦᠩᠬᠡᠢ ᠳᠦᠷᠢᠮ᠂ ᠪᠠᠶᠢᠭᠤᠯᠤᠮᠵᠢ ᠪᠠ ᠠᠵᠢᠯᠲᠠᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠬᠠᠮᠢᠶᠠᠷᠤᠯᠲᠠ᠂ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠬᠠᠮᠢᠶᠠᠷᠤᠯᠲᠠ ᠪᠠ ᠨᠡᠶᠢᠲᠡᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠪᠠ ᠦᠨᠡᠯᠡᠬᠦ᠂ ᠳᠠᠭᠠᠯᠳᠤᠭᠤᠯᠤᠭᠰᠠᠨ ᠳᠦᠷᠢᠮ ᠪᠣᠯᠣᠨ᠎ᠠ᠃    ᠲᠣᠰ ᠠᠷᠭ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠪᠥᠬᠦ ᠣᠷᠣᠨ ᠤ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠠᠵᠢᠯ ᠢ ᠨᠠᠩ ᠰᠢᠨᠵᠢᠯᠡᠬᠦ ᠤᠬᠠᠭᠠᠨᠴᠢ᠂ ᠪᠦᠲᠦᠮᠵᠢᠲᠡᠶ ᠪᠠᠷ ᠵᠣᠬᠢᠶᠠᠨ ᠪᠠᠶᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠴᠠᠠᠬᠴᠢ ᠴᠢᠨᠠᠷ ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠠᠵᠢᠯ ᠤᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠠᠷᠠᠳ ᠤᠨ ᠶᠠᠪᠤᠳᠠᠯ ᠤᠨ ᠠᠵᠢᠯ ᠦᠢᠯᠡᠰ ᠲᠤ ᠬᠢ ᠴᠢᠬᠤᠯᠠ ᠦᠢᠯᠡᠳᠦᠯ ᠢ ᠭᠦᠢᠴᠡᠳ  ᠪᠠᠳᠠᠷᠠᠭᠤᠯᠬᠤ ᠪᠤᠯᠤᠨ᠎ᠠ᠃    ᠬᠤᠶᠢᠰᠢᠳᠠ ᠶᠢᠨ ᠠᠵᠢᠯ ᠤᠨ ᠳᠤᠮᠳᠠ ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠪᠠᠷ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠬᠠᠷᠢᠭᠤᠴᠠᠯᠭ᠎ᠠ ᠪᠤᠯᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠂ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠦᠨᠡᠨ ᠪᠣᠳᠠᠲᠠᠢ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠮᠠᠨ ᠤ ᠣᠷᠣᠨ ᠤ ᠠᠷᠠᠳ ᠤᠨ ᠶᠠᠪᠤᠳᠠᠯ ᠤᠨ ᠠᠵᠢᠯ ᠤᠨ ᠦᠷᠭᠦᠯᠵᠢᠯᠡᠨ ᠡᠷᠡᠭᠦᠯ ᠢᠶᠠᠷ᠂ ᠴᠢᠨᠠᠷᠵᠢᠭᠤᠨ ᠬᠦᠭᠵᠢᠬᠦᠯᠬᠦ ᠳᠤ ᠪᠠᠲᠤᠯᠠᠭ᠎ᠠ ᠬᠠᠩᠭᠠᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号