ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 161 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠰᠤᠬᠤ ᠪᠠᠷ ᠪᠣᠶ
ᠨᠡᠶᠢᠲᠡᠯᠡᠭᠰᠡᠨ ᠴᠠᠭ᠄
2023/2/20
    ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ᠠᠯᠪᠠᠨ ᠵᠠᠷ ᠨᠡᠶᠢᠲᠡᠯᠡᠵᠦ᠂ 161 ︵ᠡᠭᠦᠨ ᠳᠤ ᠨᠡᠶᠢᠭᠡᠮ ᠤᠨ ᠪᠦᠯᠬᠦᠮ 85᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠬᠡᠴᠢ 69᠂ ᠰᠠᠭᠤᠷᠢ ᠮᠥᠩᠭᠦᠨ ᠤ ᠨᠡᠶᠢᠭᠡᠮᠯᠢᠭ 7 ᠪᠣᠶ︶ ᠣᠷᠣᠨ ᠤ ᠬᠠᠮᠢᠶᠠᠷᠤᠯᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠪᠠᠷ ᠪᠣᠶ᠃    ᠪᠠᠶᠢᠴᠠᠭᠠᠭᠰᠠᠨ ᠢᠶᠠᠷ ᠡᠳᠡᠬᠡᠷ 161 ᠨᠡᠶᠢᠭᠡᠮ ᠤᠨ ᠵᠣᠬᠢᠶᠠᠨ ᠪᠠᠶᠢᠭᠤᠯᠤᠯᠲᠠ  ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢᠨ ᠣᠨ ᠤ ᠪᠠᠶᠢᠴᠠᠭᠠᠯᠲᠠ ᠳᠤ ᠬᠤᠶᠠᠷ ᠵᠢᠯ ᠳᠠᠷᠠᠭᠠᠯᠠᠨ ᠣᠷᠣᠯᠴᠠᠭᠰᠠᠨ ᠦᠭᠡᠢ ᠲᠤᠯᠨ  ︽ᠨᠡᠶᠢᠭᠡᠮ ᠤᠨ ᠪᠦᠯᠬᠦᠮ ᠤᠨ ᠣᠨ ᠤ ᠪᠠᠶᠢᠴᠠᠭᠠᠯᠲᠠ ᠶᠢᠨ ᠲᠤᠬᠠᠢ ᠲᠦᠷ ᠬᠡᠷᠡᠭᠵᠢᠭᠦᠯᠬᠦ ᠠᠷᠭ᠎ᠠ︾᠂ ︽ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠬᠡᠴᠢ ᠶᠢᠨ ᠣᠨ ᠤ ᠪᠠᠶᠢᠴᠠᠭᠠᠯᠲᠠ ᠶᠢᠨ ᠠᠷᠭ᠎ᠠ︾ ᠪᠠ ︽ᠰᠠᠭᠤᠷᠢ ᠮᠥᠩᠭᠦᠨ ᠤ ᠨᠡᠶᠢᠭᠡᠮᠯᠢᠭ ᠤᠨ ᠣᠨ ᠤ ᠪᠠᠶᠢᠴᠠᠭᠠᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠨ᠎ᠠ᠃ ︽ᠨᠡᠶᠢᠭᠡᠮ ᠤᠨ ᠪᠦᠯᠬᠦᠮ ᠤᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠳᠦᠷᠢᠮ︾ ︽ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠪᠣᠯᠣᠨ ︽ᠰᠠᠭᠤᠷᠢ ᠮᠥᠩᠭᠦᠨ ᠤ ᠨᠡᠶᠢᠭᠡᠮᠯᠢᠭ ᠤᠨ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠳᠠᠩᠰᠠᠯᠠᠯᠲᠠ ᠶᠢ ᠨᠢ ᠬᠦᠴᠦᠨ ᠦᠭᠡᠢ ᠪᠣᠯᠭᠠᠬᠤ ᠬᠡᠷᠡᠭᠲᠡᠢ᠃ ᠲᠠᠷᠠᠭᠠᠴᠢ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠳᠡᠭᠡᠷ᠎ᠡ ᠳᠤᠷᠠᠳᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠳᠡᠬᠦ ᠪᠢᠴᠢᠭ︾ ᠪᠠᠭᠤᠯᠭᠠᠵᠤ᠂ ᠮᠡᠳᠡᠭᠳᠡᠬᠦ ᠪᠢᠴᠢᠭ ᠢ ᠬᠦᠷᠭᠡᠭᠰᠡᠨ ᠠᠴᠠ 3 ᠬᠤᠨᠤᠭ ᠤᠨ ᠳᠣᠲᠣᠷ᠎ᠠ ᠡᠷᠬᠡ ᠪᠠᠨ ᠪᠢᠴᠢᠭ ᠢᠶᠠᠷ ᠲᠣᠳᠣᠷᠬᠠᠶᠢᠯᠠᠨ ᠵᠦᠪᠳᠡᠬᠡᠵᠤ ᠪᠣᠯᠣᠨ᠎ᠠ᠃ ᠡᠭᠦᠨ ᠤ ᠬᠠᠮᠲᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠨᠢᠬᠡᠴᠢ ᠶᠢᠨ ᠰᠠᠨᠠᠯ ᠢ ᠬᠤᠷᠢᠶᠠᠭᠰᠠᠨ ᠤ ᠳᠠᠷᠠᠭ᠎ᠠ᠂ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠮᠢᠶ᠎ᠠ ᠪᠦᠬᠦᠢ ᠲᠠᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠵᠦ᠂ ᠬᠠᠤᠯᠢ ᠠᠴᠠ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠨᠡᠷᠡᠰ ᠲᠤ ᠣᠷᠣᠭᠤᠯᠬᠤ ᠶᠢᠨ ᠬᠠᠮᠲᠤ ᠨᠡᠶᠢᠭᠡᠮ ᠨᠡᠶᠢᠳᠡ ᠳᠤ ᠵᠠᠷᠯᠠᠨ ᠢᠯᠡᠵᠢᠬᠦᠯᠬᠦ ᠪᠤᠯᠤᠨ᠎ᠠ᠃    ᠤᠷᠴᠢᠮ ᠤᠨ ᠵᠢᠯ ᠠᠴᠠ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ︽ᠦᠬᠦᠰᠢᠷᠡᠮᠡᠯ︾ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠴᠡᠪᠡᠷᠯᠡᠨ ᠴᠡᠭᠴᠡᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠠᠩᠰᠠᠯᠠᠯ ᠢ ᠬᠦᠴᠦᠨ ᠦᠭᠡᠢ ᠪᠣᠯᠭᠠᠬᠤ᠂ ᠢᠳᠬᠠᠨ ᠬᠦᠴᠦᠨ ᠦᠭᠡᠢ ᠪᠣᠯᠭᠠᠬᠤ᠂ ᠨᠡᠶᠢᠳᠬᠡᠬᠦ ᠵᠡᠷᠭᠡ ᠠᠷᠭ᠎ᠠ ᠬᠡᠪᠡᠷ 1930 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠴᠡᠪᠡᠷᠯᠡᠵᠦ᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠥᠪ ᠴᠢᠩᠭ᠎ᠠ ᠴᠢᠨᠠᠷ ᠢ ᠬᠠᠮᠠᠭᠠᠯᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号