ᠪᠥᠬᠦ ᠣᠷᠣᠨ ᠤ 2023 ᠣᠨ ᠤ  ᠬᠠᠩᠰᠢ ᠶᠢᠨ ᠡᠳᠦᠷ ᠤᠨ ᠪᠣᠯᠪᠠᠰᠤᠨ ᠤ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/3/30
ᠪᠥᠬᠦ ᠣᠷᠣᠨ ᠤ ᠺᠠᠳ᠋ᠷ ᠣᠯᠠᠨ ᠲᠦᠮᠡᠨ ᠳᠤ᠄     ᠦᠨᠤ ᠵᠢᠯ ᠤᠨ ᠬᠠᠩᠰᠢ ᠪᠣᠯ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ︽ᠬᠥᠬᠡᠭᠴᠢᠨ ᠲᠥᠷᠥᠯ ᠳᠤ ᠬᠥᠬᠡᠭᠴᠢᠨ ᠲᠥᠷᠥᠯ  ᠤᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭᠠᠬᠢ ᠠᠩᠬᠠᠳᠠᠭᠴᠢ ᠬᠠᠩᠰᠢ ᠪᠣᠯᠣᠨ᠎ᠠ᠃ ᠠᠷᠪᠢᠯᠠᠨ ᠭᠠᠮᠨᠠᠵᠤ ᠪᠣᠯᠪᠠᠰᠤᠨ ᠢᠶᠠᠷ  ᠪᠡᠯᠪᠡᠰᠤᠷᠡᠵᠤ᠂ ᠭᠠᠵᠠᠷ ᠰᠢᠷᠣᠢ ᠶᠢ ᠠᠷᠪᠢᠯᠠᠨ  ᠠᠮᠢ ᠠᠬᠤᠶᠢᠯᠢᠭ ᠣᠷᠣᠰᠢᠭᠤᠯᠭ᠎ᠠ ᠪᠣᠯᠣᠨ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠶᠢᠨ ᠰᠢᠨ᠎ᠡ ᠬᠡᠪ ᠰᠤᠷᠲᠠᠯ ᠢ ᠠᠬᠢᠭᠤᠯᠵᠤ᠂  ᠠᠶᠤᠯ ᠦᠬᠡᠢ᠂ ᠪᠣᠯᠪᠠᠰᠤᠨ᠂ ᠡᠶ᠎ᠡ ᠵᠣᠬᠢᠴᠠᠩᠭᠤᠢ᠂ ᠡᠮᠬᠢ ᠳᠢᠭᠯᠢᠮ ᠲᠠᠢ ᠰᠠᠶᠢᠨ ᠰᠠᠶᠢᠬᠠᠨ ᠳᠠᠬᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂  ᠪᠦᠬᠦ ᠣᠷᠣᠨ ᠤ  ᠺᠠᠳ᠋ᠷ ᠤᠯᠠᠨ ᠲᠦᠮᠡᠨ ᠳᠤ ᠡᠶᠢᠨ ᠬᠦ ᠰᠠᠨᠠᠭᠠᠴᠢᠯᠠᠵᠤ ᠪᠠᠶᠢᠨ᠎ᠠ᠄    ᠨᠢᠭᠡ ᠳᠤ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠲᠠᠬᠢᠯᠭ᠎ᠠ ᠶᠢᠨ ᠰᠢᠨ᠎ᠡ ᠰᠤᠷᠲᠠᠯ ᠢ ᠪᠤᠢ ᠪᠤᠯᠭᠠᠶ᠎ᠠ᠃ ᠠᠮᠢ ᠨᠠᠰᠤ ᠶᠢ ᠬᠦᠨᠳᠦᠳᠬᠡᠬᠦ᠂ ᠪᠣᠬᠢᠷᠳᠤᠯ ᠦᠭᠡᠢ᠂ ᠪᠣᠯᠪᠠᠰᠤᠨ ᠢ ᠡᠷᠬᠢᠮᠯᠡᠭᠰᠡᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠪᠣᠯᠬᠢ ᠪᠦᠳᠦᠭᠦᠯᠢᠭ ᠲᠠᠬᠢᠯᠭ᠎ᠠ ᠶᠢᠨ ᠬᠡᠷᠡᠭᠰᠡᠯ ᠪᠣᠯᠣᠨ ᠮᠤᠬᠤᠷ ᠪᠢᠰᠢᠷᠡᠯ ᠤᠨ ᠠᠵᠢᠯᠯᠠᠭ᠎ᠠ ᠶᠢ ᠬᠤᠷᠢᠭᠯᠠᠵᠤ᠂ ᠰᠣᠷᠭᠤᠭ ᠴᠡᠴᠡᠭ ᠢᠶᠠᠷ ᠴᠠᠭᠠᠰᠤᠨ ᠵᠣᠭᠤᠰ ᠶᠢ ᠤᠷᠤᠯᠠᠭᠤᠯᠵᠤ᠂ ᠲᠣᠷᠭᠠᠨ ᠪᠦᠴᠡ ᠪᠠᠷ ᠭᠠᠰᠢᠭᠤᠳᠠᠯ ᠢᠶᠠᠨ ᠢᠯᠡᠳᠬᠡᠬᠦ ᠶᠢ ᠰᠠᠨᠠᠭᠠᠴᠢᠯᠠᠵᠤ᠂ ᠠᠯᠤᠰ ᠤᠨ ᠲᠠᠬᠢᠯᠭ᠎ᠠ᠂ ᠰᠦᠯᠵᠢᠶᠡᠨ ᠤ ᠲᠠᠬᠢᠯᠭ᠎ᠠ᠂ ᠨᠡᠶᠢᠲᠡ ᠶᠢᠨ ᠲᠠᠬᠢᠯᠭ᠎ᠠ ᠶᠢᠨ ᠬᠡᠯᠪᠡᠷᠢ ᠪᠠᠷ ᠨᠥᠭᠴᠢᠭᠰᠡᠳ ᠢ ᠳᠤᠷᠠᠰᠤᠨ ᠰᠠᠨᠠᠭᠠᠯᠵᠠᠬᠤ ᠰᠡᠳᠬᠢᠯᠬᠡ ᠪᠠᠨ ᠢᠯᠡᠳᠬᠡᠵᠡᠬᠡᠶ᠎ᠡ᠃ ᠳᠤᠮᠳᠠᠳᠤ ᠶᠢᠨ ᠦᠨᠳᠦᠰᠦᠲᠡᠨ‌‍ᠦ ᠠᠵᠢᠯᠴᠢ ᠠᠷᠪᠢᠴᠢ᠂ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠶᠡᠭᠡ ᠪᠠᠷ ᠪᠡᠯᠡᠳᠬᠡᠨ ᠶᠡᠭᠡ ᠪᠠᠷ ᠡᠷᠬᠢᠯᠡᠬᠦ᠂ ᠪᠠᠶᠠᠨ ᠢᠶᠠᠨ ᠭᠠᠶᠢᠬᠠᠭᠤᠯᠬᠤ᠂ ᠠᠮᠢᠳᠤ  ᠳᠤ ᠨᠢ ᠠᠴᠢᠯᠠᠬᠤ ᠦᠬᠡᠢ ᠪᠠᠷ ᠤᠷᠤᠰᠢᠭᠤᠯᠭ᠎ᠠ ᠶᠢ ᠬᠦᠨᠳᠤ ᠪᠠᠷ ᠦᠢᠯᠡᠳᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠬᠤᠷᠢᠭᠯᠠᠵᠤ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠶᠢᠨ ᠠᠷᠭ᠎ᠠ  ᠢ ᠤᠬᠠᠮᠰᠠᠷ ᠡᠴᠠ‌‍ᠪᠠᠨ ᠦᠢᠯᠡᠳᠤᠯᠬᠡᠵᠢᠬᠦᠯᠤᠶ᠎ᠡ᠃    ᠬᠤᠶᠠᠷ ᠲᠤ᠂ ᠭᠠᠵᠠᠷ ᠠᠷᠪᠢᠯᠠᠵᠤ ᠠᠮᠢ ᠠᠬᠤᠶᠢᠯᠢᠭ  ᠤᠷᠤᠰᠢᠭᠤᠯᠬᠤ ᠶᠢ ᠰᠠᠨᠠᠭᠠᠴᠢᠯᠠᠨ᠎ᠠ᠃ ᠪᠠᠶᠢᠭᠠᠯᠢ ᠠᠬᠤᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂  ᠡᠬᠢ ᠪᠠᠶᠠᠯᠢᠭ ᠢ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ ᠪᠠᠷ ᠦᠷᠳᠡᠭ ᠤᠨ ᠤᠳᠤᠷᠢᠳᠤᠮᠵᠢ ᠪᠣᠯᠭᠠᠵᠤ᠂ ᠮᠤᠳᠤᠨ ᠤ ᠲᠤᠤᠷ᠎ᠠ ᠤᠷᠤᠰᠢᠭᠤᠯᠬᠤ ︵树葬︶᠂   ᠴᠡᠴᠡᠭ ᠤᠨ ᠲᠤᠤᠷ᠎ᠠ ᠤᠷᠤᠰᠢᠭᠤᠯᠬᠤ ︵花坛葬︶᠂ ᠵᠦᠯᠬᠡᠨ ᠤ ᠲᠤᠤᠷ᠎ᠠ ᠤᠷᠤᠰᠢᠭᠤᠯᠬᠤ ︵草坪葬︶ ᠴᠢᠨᠳᠠᠷ ᠢ ᠲᠡᠭᠳᠡᠬᠡᠬᠦ ︵骨灰散撒︶ ᠵᠡᠷᠭᠡ ᠠᠮᠢ ᠠᠬᠤᠶᠢᠯᠢᠭ ᠣᠷᠣᠰᠢᠭᠤᠯᠭ᠎ᠠ ᠶᠢ ᠶᠡᠭᠡ ᠪᠠᠷ ᠰᠠᠨᠠᠭᠠᠴᠢᠯᠠᠵᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠠᠬᠢᠭᠤᠯᠵᠤ᠂ ᠦᠷ᠎ᠡ ᠬᠤᠶᠢᠴᠢᠰ ᠲᠤ ᠪᠠᠨ ᠪᠤᠶᠠᠨ ᠦᠢᠯᠡᠳᠤᠶ᠎ᠡ᠃    ᠭᠤᠷᠪᠠ ᠳᠤ᠂  ᠠᠶᠤᠯ ᠦᠬᠡᠢ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃  ᠠᠶᠤᠯ ᠦᠬᠡᠢ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠭᠡᠢ᠂ ᠣᠶ ᠰᠢᠭᠤᠢ᠂ ᠲᠠᠯ᠎ᠠ ᠨᠤᠲᠤᠭ᠂ ᠠᠭᠤᠳᠠᠮ ᠲᠠᠯᠠᠪᠠᠶ᠂ ᠬᠤᠷᠢᠶᠠᠯᠠᠯ᠂ ᠵᠠᠮ ᠤᠨ ᠠᠭᠤᠯᠵᠠᠷ᠂ ᠨᠡᠶᠢᠲᠡ ᠶᠢᠨ ᠣᠩᠭᠤᠨ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠠᠭᠠᠰᠤᠨ ᠵᠣᠭᠤᠰ ᠰᠢᠲᠠᠭᠠᠬᠤ ᠦᠭᠡᠢ᠂ ᠫᠤᠤᠵᠢᠩ ᠲᠠᠯᠪᠢᠬᠤ ᠦᠭᠡᠢ᠂ ᠲᠠᠬᠢᠯᠭ᠎ᠠ ᠶᠢᠨ ᠬᠡᠷᠡᠭᠰᠡᠯ ᠢ ᠬᠠᠶᠠᠬᠤ ᠦᠭᠡᠢ ᠪᠠᠷ ᠪᠣᠬᠢᠷᠳᠤᠯ ᠦᠭᠡᠢ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠳᠤ ᠪᠠᠷ ᠬᠠᠮᠠᠭᠠᠯᠠᠬᠤ ᠬᠡᠷᠡᠭᠲᠡᠢ᠃ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ  ᠠᠴᠠ ᠪᠠᠨ ᠵᠢᠷᠤᠮᠯᠠᠨ᠂ ᠠᠮᠤᠷ ᠲᠦᠪᠰᠢᠨ ᠢᠶᠠᠷ ᠠᠶᠠᠯᠠᠵᠤ᠂ ᠠᠮᠤᠷ ᠠᠮᠤᠭᠤᠯᠠᠩ᠂ ᠬᠠᠯᠠᠭᠤᠨ ᠳᠤᠯᠠᠭᠠᠨ᠂ ᠪᠣᠯᠪᠠᠰᠤᠨ᠂ ᠡᠶ᠎ᠡ ᠵᠣᠬᠢᠴᠠᠯ ᠲᠠᠢ ᠬᠠᠨᠭ᠍ᠰᠢ ᠶᠢᠨ ᠡᠳᠤᠷ ᠤᠨ ᠠᠭᠤᠷ ᠠᠮᠢᠰᠬᠤᠯ ᠢ ᠬᠠᠮᠳᠤ ᠪᠠᠷ ᠪᠣᠶ ᠪᠣᠯᠭᠠᠨ᠎ᠠ᠃    ᠳᠥᠷᠪᠡ ᠳᠤ᠂ ᠨᠠᠮ ᠤᠨ ᠭᠡᠰᠢᠭᠦᠨ ᠺᠠᠳ᠋ᠷ ᠰᠠᠶᠢᠲᠤᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃  ᠨᠠᠮ ᠤᠨ ᠭᠡᠰᠢᠭᠦᠨ ᠺᠠᠳ᠋ᠷᠴᠤᠳ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠡᠪ ᠳᠦᠷᠢᠮ᠂ ᠦᠯᠢᠭᠡᠷ ᠳᠠᠭᠤᠷᠢᠶᠠᠯ ᠪᠣᠯᠵᠤ᠂ ᠪᠣᠯᠪᠠᠰᠤᠨ ᠲᠠᠬᠢᠯᠭ᠎ᠠ ᠪᠠ ᠪᠣᠬᠢᠷᠳᠤᠯ ᠦᠭᠡᠢ ᠲᠠᠬᠢᠯᠭ᠎ᠠ ᠶᠢ ᠲᠦᠷᠤᠬᠦᠯᠡᠨ ᠦᠢᠯᠡᠳᠴᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠤᠯᠠᠨ ᠲᠦᠮᠡᠨ ᠢᠶᠠᠨ ᠨᠥᠯᠥᠭᠡᠯᠡᠨ ᠲᠠᠶᠢᠴᠢᠯᠠᠵᠤ᠂ ᠪᠣᠯᠪᠠᠰᠤᠨ ᠲᠠᠬᠢᠯᠭ᠎ᠠ ᠶᠢᠨ ᠤᠬᠠᠭᠤᠯᠤᠭᠴᠢ᠂ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃    ᠪᠣᠯᠪᠠᠰᠤᠨ ᠭᠡᠷ ᠣᠷᠣᠨ ᠢ ᠬᠠᠮᠲᠤ ᠪᠠᠷ ᠪᠠᠶᠢᠭᠤᠯᠤᠶ᠎ᠠ᠃ ᠪᠢᠳᠡ ᠭᠠᠷ ᠭᠠᠷ ᠢᠶᠠᠨ ᠬᠤᠯᠪᠣᠯᠴᠠᠨ᠂ ᠪᠣᠯᠪᠠᠰᠤᠨ ᠤ ᠳᠠᠬᠢᠯᠭ᠎ᠠ ᠶᠢᠨ ᠰᠠᠨᠠᠭᠠᠴᠢᠯᠠᠭᠴᠢ᠂ ᠪᠣᠬᠢᠷᠳᠤᠯ ᠦᠭᠡᠢ ᠣᠷᠣᠰᠢᠭᠤᠯᠭ᠎ᠠ ᠶᠢᠨ ᠬᠤᠰᠢᠭᠤᠴᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠠᠳᠠᠷᠠᠭᠤᠯᠤᠭᠴᠢ ᠪᠤᠯᠵᠠᠭᠠᠨ᠂ ᠪᠣᠯᠪᠠᠰᠤᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠪᠣᠳᠠᠲᠤ ᠠᠵᠢᠯᠯᠠᠭ᠎ᠠ ᠪᠠᠷ ᠢᠶᠠᠨ ᠬᠤᠪᠢ ᠨᠡᠮᠡᠷᠢ ᠪᠠᠨ ᠦᠵᠡᠭᠦᠯᠦᠶ᠎ᠡ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠤᠯᠪᠠᠰᠤᠨ ᠤ ᠪᠠᠶᠢᠭᠤᠯᠤᠯᠳᠠ ᠶᠢᠨ ᠵᠦᠪᠯᠡᠯ  ᠤᠨ ᠠᠯᠪᠠᠨ ᠬᠡᠷ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ                 2023 ᠣᠨ ᠤ 3 ᠳ᠋ᠤᠭᠠᠷ ᠰᠠᠷ᠎ᠠ ᠶᠢᠨ 27 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号