ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠠᠷᠠᠳ ᠤᠨ ᠶᠠᠪᠤᠳᠠᠯ ᠤᠨ  ᠬᠦᠷᠢᠶ᠎ᠡ ᠴᠠᠷᠠᠭᠠᠨ ᠳᠤ ᠬᠢ ᠠᠶᠤᠯ ᠦᠬᠡᠢ ᠶᠢᠨ ᠬᠠᠮᠢᠶᠠᠷᠤᠯᠳᠠ ᠶᠢᠨ ᠠᠵᠢᠯ ᠢ ᠲᠠᠬᠢᠨᠳᠠ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/4/26
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 4 ᠰᠠᠷ᠎ᠠ ᠶᠢᠨ 25 ᠤ ᠡᠳᠦᠷ ︽ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠬᠢ ᠠᠶᠤᠯ ᠦᠬᠡᠢ ᠶᠢᠨ ᠬᠠᠮᠢᠶᠠᠷᠤᠯᠲᠠ ᠶᠢᠨ ᠠᠵᠢᠯ ᠢ  ᠴᠠᠭᠠᠰᠢᠳᠠ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ  ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠭᠤᠭᠰᠢᠯᠠᠭᠤᠯᠵᠤ᠂ ᠠᠶᠤᠯ ᠦᠬᠡᠢ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠠᠮᠢ ᠨᠠᠰᠤ ᠶᠢ  ᠬᠦᠨᠳᠤᠯᠡᠬᠦ᠂ ᠠᠷᠠᠳ ᠲᠦᠮᠡᠨ ᠳᠤ ᠬᠠᠷᠢᠭᠤᠴᠠᠬᠤ ᠰᠡᠳᠬᠢᠯᠭᠡ ᠪᠠᠷ ᠠᠷᠠᠳ ᠤᠨ ᠶᠠᠪᠤᠳᠠᠯ ᠤᠨ  ᠬᠦᠷᠢᠶ᠎ᠡ ᠴᠠᠷᠠᠭᠠᠨ ᠳᠤ ᠬᠢ ᠠᠶᠤᠯ ᠦᠬᠡᠢ ᠦᠢᠯᠡᠳᠪᠦᠷᠢᠯᠡᠯ ᠢ ᠨᠠᠷᠢᠨ ᠪᠣᠳᠠᠲᠠᠢ ᠠᠳᠬᠤᠵᠤ᠂ ᠠᠷᠠᠳ ᠤᠨ ᠶᠠᠪᠤᠳᠠᠯ ᠤᠨ  ᠦᠢᠯᠡᠴᠢᠯᠡᠭᠡ ᠬᠦᠷᠳᠡᠭᠰᠡᠳ ᠤᠨ ᠠᠮᠢ ᠨᠠᠰᠤᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠮᠡᠳᠡᠭᠳᠡᠯ ᠳᠤ ᠱᠠᠭᠠᠷᠳᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨ ᠠᠶᠤᠯ ᠤᠨ ᠬᠡᠮ ᠰᠤᠭᠤᠭ ᠢ ᠶᠡᠭᠡ ᠪᠠᠶᠢᠴᠠᠭᠠᠨ ᠴᠡᠭᠴᠡᠯᠡᠬᠦ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠢ\ ᠰᠡᠷᠬᠡᠶᠢᠯᠡᠬᠦ ᠪᠣᠭᠤᠮᠲᠠ ᠰᠢᠪᠳᠤᠯᠤᠯᠳᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠳᠠᠷᠤᠶᠢᠬᠠᠨ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠤᠨᠳᠠᠯᠭ᠎ᠠ ᠶᠢᠨ ᠥᠷᠥᠭᠡ᠂ ᠲᠣᠭᠤᠭᠠᠨ ᠭᠡᠷ᠂ ᠬᠥᠮᠥᠷᠭᠡ ᠵᠡᠷᠭᠡ ᠭᠤᠣᠯᠳᠠᠯᠭ᠎ᠠ ᠲᠠᠢ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠦᠨ᠂ ᠲᠣᠭᠲᠠᠭᠠᠯ ᠠᠴᠠ ᠵᠥᠷᠢᠴᠡᠨ ᠨᠣᠴᠣᠮᠠᠲᠠᠭᠠᠢ ᠰᠢᠲᠠᠮᠠᠬᠠᠢ ᠮᠠᠲ᠋ᠧᠷᠢᠶᠠᠯ ᠢ ᠬᠡᠷᠡᠭᠯᠡᠨ ᠵᠠᠰᠠᠵᠤ ᠴᠢᠮᠡᠭᠯᠡᠬᠦ᠂ ᠲᠣᠭᠲᠠᠭᠠᠯ ᠠᠴᠠ ᠵᠥᠷᠢᠴᠡᠨ ᠭᠠᠯ ᠨᠣᠴᠣᠭᠠᠵᠤ ᠭᠠᠩᠨᠠᠬᠤ ᠠᠵᠢᠯ ᠬᠢᠬᠦ ᠵᠡᠷᠭᠡ ᠲᠣᠪᠣᠶᠢᠮ᠎ᠠ ᠲᠦᠭᠰᠢᠭᠦᠷᠢ ᠳᠤ ᠴᠢᠭᠯᠡᠭᠦᠯᠦᠨ᠂ ᠨᠢᠭᠡ ᠨᠢᠭᠡ ᠪᠠᠷ ᠰᠢᠭᠰᠢᠨ ᠪᠠᠶᠢᠴᠠᠭᠠᠬᠤ ᠶᠢᠨ ᠬᠠᠮᠳᠤ ᠨᠠᠷᠢᠨ ᠲᠠᠩᠰᠠ  ᠭᠠᠷᠭᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃    ᠮᠡᠳᠡᠭᠳᠡᠯ ᠳᠤ ᠴᠢᠬᠤᠯᠠᠴᠢᠯᠠᠭᠰᠠᠨ ᠨᠢ᠂ ︽5 · 1︾ ᠤ ᠠᠮᠠᠷᠠᠯᠲᠠ ᠬᠦᠷᠴᠦ ᠢᠷᠡᠬᠦ ᠭᠡᠵᠦ ᠪᠠᠶᠢᠨ᠎ᠠ᠂ ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠪᠠᠶᠠᠷ ᠤᠨ ᠡᠳᠦᠷ ᠤᠨ ᠬᠤᠭᠤᠴᠠᠭᠠᠨ  ᠳᠤ ᠬᠢ ᠠᠶᠤᠯ ᠦᠭᠡᠢ ᠦᠢᠯᠡᠳᠪᠦᠷᠢᠯᠡᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠪᠠᠷᠢᠯᠭ᠎ᠠ᠂ ᠰᠢᠲᠠᠮᠠᠬᠠᠢ ᠬᠡᠢ᠂ ᠤᠰᠤ ᠴᠠᠬᠢᠯᠭᠠᠨ᠂ ᠢᠳᠡᠭᠡᠨ ᠤ ᠠᠷᠢᠭᠤᠨ ᠴᠡᠪᠡᠷ ᠵᠡᠷᠭᠡ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠪᠠ ᠦᠶᠡᠷ ᠤᠰᠤᠲᠤᠯ ᠭᠠᠩ ᠵᠡᠷᠭᠡ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠬᠡᠮ ᠰᠣᠭᠤᠭ ᠤᠨ ᠡᠬᠡ ᠲᠠᠩᠰᠠᠨ ᠳᠤ ᠣᠷᠣᠭᠤᠯᠵᠤ᠂ ᠪᠠᠶᠢᠴᠠᠭᠠᠬᠤ ᠶᠢᠨ ᠳᠠᠭᠠᠤ ᠵᠠᠰᠠᠵᠤ᠂ ᠳᠠᠷᠤᠶᠢᠬᠠᠨ ᠪᠠᠶᠢᠴᠠᠭᠠᠵᠤ ᠳᠠᠷᠤᠶᠢᠬᠠᠨ ᠵᠠᠰᠠᠵᠤ᠂ ᠦᠨᠡᠨ ᠬᠦ ᠴᠡᠭᠴᠡᠯᠡᠨ ᠰᠠᠶᠢᠵᠢᠷᠠᠭᠤᠯᠵᠤ᠂ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠪᠠᠶᠢᠭᠤᠯᠭ᠎ᠠ ᠶᠢᠨ ᠠᠯᠪᠠᠯᠠᠬᠤ ᠲᠣᠭᠤᠷᠢᠭ ᠤᠨ  ᠠᠶᠤᠯ ᠦᠬᠡᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠠᠯᠪᠠᠯᠠᠬᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号