ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠤᠨ ᠬᠢᠨ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠬᠢ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ ᠰᠠᠨᠠᠭᠠᠴᠢᠯᠠᠭ᠎ᠠ ᠶᠢᠨ ᠪᠢᠴᠢᠭ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/4/28
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ᠣᠶᠤᠨ ᠤ ᠪᠤᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠮᠡᠭᠲᠡᠶᠢᠴᠦᠳ ᠤᠨ  ᠬᠤᠯᠪᠤᠭ᠎ᠠ ᠶᠢᠨ ᠬᠢᠨ ᠲᠠᠢ ᠬᠠᠮᠲᠤᠷᠠᠨ ︽ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠬᠢ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ ᠰᠠᠨᠠᠭᠠᠴᠢᠯᠠᠭ᠎ᠠ ᠶᠢᠨ ᠪᠢᠴᠢᠭ︾ ᠢ ᠳᠠᠷᠤᠮᠠᠯᠯᠠᠨ ᠲᠠᠷᠬᠠᠭᠠᠵᠤ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠲᠠᠶᠠᠭᠳᠠᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ  ᠲᠡᠭᠡᠭᠰᠢᠯᠡᠬᠦᠯᠬᠦ ᠶᠢᠨ ᠲᠦᠯᠤᠬᠡ ᠮᠠᠯᠴᠢᠨ ᠲᠠᠷᠢᠶᠠᠴᠢᠳ ᠲᠤ ᠲᠠᠷᠠᠭᠠᠬᠢ ᠰᠠᠨᠠᠭᠠᠴᠢᠯᠠᠭ᠎ᠠ ᠶᠢ ᠭᠠᠷᠭᠠᠪᠠ᠄    ᠨᠢᠭᠡ ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠨᠡᠶᠢᠲᠡ ᠶᠢᠨ ᠶᠣᠰᠣ ᠮᠣᠷᠠᠯ ᠢ ᠵᠢᠷᠤᠮᠯᠠᠨ ᠰᠠᠬᠢᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠶᠢ ᠰᠠᠨᠠᠭᠠᠴᠢᠯᠠᠵᠤ᠂ ᠪᠣᠯᠪᠠᠰᠤᠨ ᠨᠡᠶᠢᠭᠡᠮ ᠤᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ ᠶᠢ ᠥᠷᠭᠡᠨ ᠢᠶᠠᠷ ᠤᠯᠠᠮᠵᠢᠯᠠᠬᠤ ᠬᠡᠷᠡᠭᠳᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠠᠶᠢᠨ ᠰᠠᠶᠢᠬᠠᠨ ᠶᠣᠰᠣ ᠮᠣᠷᠠᠯ ᠢ ᠪᠠᠳᠠᠷᠠᠭᠤᠯᠤᠨ ᠤᠯᠠᠮᠵᠢᠯᠠᠵᠤ᠂ ᠭᠡᠷ ᠤᠨ ᠰᠤᠷᠳᠠᠯ ᠰᠤᠷᠭᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠨ᠂ ᠡᠶ᠎ᠡ ᠵᠣᠬᠢᠴᠠᠯ ᠲᠠᠢ ᠭᠡᠷ ᠪᠦᠯᠢ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠠᠭᠤᠴᠢᠨ ᠶᠣᠰᠣ ᠪᠦᠳᠦᠭᠦᠯᠢᠭ ᠵᠠᠩᠰᠢᠯ ᠪᠠ ᠹᠧᠣᠳᠠᠯ ᠤᠨ ᠮᠤᠬᠤᠷ ᠪᠢᠰᠢᠷᠡᠯ ᠢ ᠡᠪᠳᠡᠵᠦ᠂ ᠤᠯᠠᠨ ᠨᠡᠶᠢᠲᠡ ᠶᠢᠨ ᠡᠮᠬᠢ ᠵᠢᠷᠤᠮ᠂ ᠪᠣᠯᠪᠠᠰᠤᠨ ᠤ ᠨᠡᠶᠢᠲᠡ ᠶᠢᠨ ᠭᠡᠷ᠎ᠡ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠪᠠ ᠭᠠᠴᠠᠭᠠᠨ ᠤ ᠳᠦᠷᠢᠮ᠂ ᠠᠷᠠᠳ ᠤᠨ ᠭᠡᠷ᠎ᠡ ᠶᠢ ᠤᠬᠠᠮᠰᠠᠷ ᠠᠴᠠ ᠪᠠᠨ ᠰᠠᠬᠢᠬᠤ ᠬᠡᠷᠡᠭᠳᠡᠢ᠃    ᠬᠤᠶᠠᠷ ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ᠂ ᠤᠷᠤᠭ ᠬᠤᠷᠢᠮ ᠢ ᠰᠢᠨ᠎ᠡ ᠪᠠᠷ ᠡᠷᠬᠢᠯᠡᠬᠦ ᠬᠡᠷᠡᠭᠲᠡᠢ᠃ ᠤᠷᠤᠭ ᠬᠤᠷᠢᠮ ᠤᠨ ᠲᠤᠬᠠᠢ ᠵᠥᠪ ᠦᠵᠡᠯᠲᠡ ᠶᠢ ᠪᠤᠢ ᠪᠣᠯᠭᠠᠵᠤ᠂ ᠤᠷᠤᠭ ᠤᠨ ᠶᠠᠪᠤᠳᠠᠯ ᠢ ᠰᠢᠨ᠎ᠡ ᠪᠠᠷ ᠡᠷᠬᠢᠯᠡᠬᠦ ᠶᠢ ᠰᠠᠨᠠᠭᠠᠴᠢᠯᠠᠵᠤ᠂ ᠬᠠᠮᠲᠤ ᠶᠢᠨ ᠬᠤᠷᠢᠮ᠂ ᠭᠡᠷ ᠪᠦᠯᠢ ᠶᠢᠨ ᠬᠤᠷᠢᠮ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠬᠤ ᠵᠡᠷᠭᠡ ᠠᠷᠭ᠎ᠠ ᠪᠠᠷ ᠠᠷᠪᠢᠴᠢ ᠭᠠᠮᠲᠠᠢ ᠲᠣᠬᠢᠷᠠᠮᠵᠢᠲᠠᠢ ᠬᠤᠷᠢᠮ ᠤᠨ ᠶᠣᠰᠣᠯᠠᠯ ᠢ ᠡᠷᠬᠢᠯᠡᠨ᠎ᠡ᠃  ᠲᠡᠩᠳᠡᠬᠦᠤ ᠶᠡᠭᠡ ᠰᠦᠢ ᠶᠢ ᠪᠡᠯᠡᠭ᠂ ᠶᠡᠭᠡ ᠪᠠᠷ ᠪᠠᠵᠠᠭᠠᠬᠤ᠂ ᠪᠦᠷᠢᠯᠬᠡᠬᠦ᠂ ᠪᠣᠯᠬᠢ ᠪᠦᠳᠦᠭᠦᠯᠢᠭ ᠤᠷᠤᠬ ᠤᠨ ᠠᠵᠢᠯᠯᠠᠭ᠎ᠠ ᠪᠠ ᠹᠧᠣᠳᠠᠯ ᠤᠨ ᠮᠤᠬᠤᠷ ᠰᠦᠰᠦᠭ ᠢ ᠰᠢᠲᠦᠬᠦ ᠵᠡᠷᠭᠡ ᠠᠵᠢᠯᠯᠠᠭ᠎ᠠ ᠶᠢ ᠡᠷᠡᠰ ᠬᠤᠷᠢᠭᠯᠠᠨ᠎ᠠ᠃ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠨᠤᠭᠤᠳ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠤᠢ ᠪᠣᠯᠭᠠᠬᠤ ᠬᠡᠷᠡᠭᠲᠡᠢ᠃    ᠭᠤᠷᠪᠠ᠂ ᠤᠷᠤᠰᠢᠭᠤᠯᠭ᠎ᠠ ᠪᠡᠯᠪᠡᠰᠦᠷᠡᠯ ᠢ ᠳᠥᠭᠦᠮᠴᠢᠯᠡᠵᠦ᠂ ᠪᠣᠯᠪᠠᠰᠤᠨ ᠲᠠᠬᠢᠯᠭ᠎ᠠ ᠶᠢ ᠰᠠᠨᠠᠭᠠᠴᠢᠯᠠᠨ᠋ ᠎ᠠ᠃ ᠠᠴᠢᠯᠠᠯ ᠢ ᠲᠡᠷᠢᠭᠦᠨ ᠳᠤ ᠲᠠᠯᠪᠢᠵᠤ᠂ ᠨᠠᠰᠤᠲᠠᠨ ᠢ ᠠᠴᠢᠯᠠᠵᠤ ᠨᠠᠰᠤᠲᠠᠨ ᠢ ᠬᠦᠨᠳᠦᠯᠡᠬᠦ ᠬᠡᠪ ᠰᠤᠷᠲᠠᠯ ᠢ ᠪᠠᠳᠠᠷᠠᠭᠤᠯᠤᠨ᠂ ᠠᠮᠢᠳᠤ ᠳᠤ ᠨᠢ ᠰᠠᠶᠢᠬᠠᠨ ᠠᠰᠠᠷᠠᠵᠤ᠂ ᠨᠦᠭᠴᠢᠪᠡᠯ ᠤᠷᠤᠰᠢᠭᠤᠯᠭ᠎ᠠ ᠶᠢ ᠲᠦᠬᠦᠮ ᠦᠢᠯᠡᠳᠬᠦ ᠰᠢᠨ᠎ᠡ ᠦᠵᠡᠯᠲᠡ ᠶᠢ ᠪᠣᠶ ᠪᠣᠯᠭᠠᠨ᠎ᠠ᠃  ᠤᠷᠤᠰᠢᠭᠤᠯᠭ᠎ᠠ ᠪᠡᠯᠪᠡᠰᠤᠷᠠᠯ ᠢ  ᠲᠦᠬᠦᠮᠴᠢᠯᠡᠬᠦ ᠶᠢ ᠰᠠᠨᠠᠭᠠᠴᠢᠯᠠᠵᠤ᠂ ᠰᠣᠷᠭᠤᠭ ᠴᠡᠴᠡᠭ ᠢᠶᠠᠷ ᠴᠠᠭᠠᠰᠤᠨ ᠵᠣᠭᠤᠰ ᠢ ᠣᠷᠣᠯᠠᠭᠤᠯᠬᠤ᠂ ᠠᠯᠤᠰ ᠠᠴᠠ ᠳᠠᠬᠢᠬᠤ᠂ ᠰᠦᠯᠵᠢᠶ᠎ᠡ ᠪᠠᠷ ᠳᠠᠬᠢᠬᠤ᠂ ᠨᠡᠶᠢᠲᠡ ᠪᠠᠷ ᠳᠠᠬᠢᠬᠤ ᠵᠡᠷᠭᠡ ᠬᠡᠯᠪᠡᠷᠢ ᠪᠠᠷ ᠨᠥᠭᠴᠢᠭᠰᠡᠳ ᠢ ᠮᠥᠷᠥᠭᠡᠳᠦᠨ ᠰᠠᠨᠠᠭᠠᠯᠵᠠᠬᠤ ᠪᠠᠨ ᠢᠯᠡᠳᠬᠡᠵᠦ᠂ ᠶᠡᠭᠡ ᠪᠠᠷ ᠪᠡᠯᠡᠳᠬᠡᠨ ᠶᠡᠭᠡ ᠪᠠᠷ ᠡᠷᠬᠢᠯᠡᠬᠦ᠂ ᠪᠠᠶᠠᠨ ᠢᠶᠠᠨ ᠭᠠᠶᠢᠬᠠᠭᠤᠯᠬᠤ᠂  ᠠᠮᠢᠳᠤ ᠳᠤ ᠨᠢ ᠰᠠᠶᠢᠬᠠᠨ ᠠᠰᠠᠷᠠᠬᠤ ᠦᠬᠡᠢ᠂ ᠨᠦᠭᠴᠢᠭᠰᠡᠨ ᠬᠤᠶᠢᠨ᠎ᠠ ᠨᠢ ᠤᠷᠤᠰᠢᠭᠤᠯᠭ᠎ᠠ ᠪᠡᠯᠪᠡᠰᠤᠷᠠᠯ ᠢ ᠶᠡᠭᠡ ᠪᠠᠷ ᠬᠢᠬᠦ  ᠪᠦᠳᠦᠭᠦᠯᠢᠭ ᠵᠠᠩᠰᠢᠯ ᠢ ᠵᠤᠬᠰᠤᠭᠠᠨ ᠰᠢᠨ᠎ᠡ ᠮᠠᠶ᠋ᠢᠭ ᠤᠨ ᠤᠷᠤᠰᠢᠭᠤᠯᠭ᠎ᠠ ᠶᠢ ᠰᠠᠨᠠᠭᠠᠴᠢᠯᠠᠨ᠎ᠠ᠃    ᠳᠥᠷᠪᠡ ᠂ ᠠᠷᠪᠢᠴᠢ ᠭᠠᠮᠲᠠᠢ ᠪᠠᠶᠢᠬᠤ ᠶᠢ ᠡᠷᠬᠢᠮᠯᠡᠵᠦ᠂ ᠪᠠᠶᠠᠷᠲᠤ ᠶᠠᠪᠤᠳᠠᠯ ᠢ ᠬᠠᠮᠲᠤᠷᠠᠨ ᠰᠢᠢᠳᠪᠦᠷᠢᠯᠡᠬᠦ ᠶᠢ ᠰᠠᠨᠠᠭᠠᠴᠢᠯᠠᠨ᠎ᠠ᠃ ᠠᠷᠪᠢᠯᠠᠨ ᠭᠠᠮᠨᠠᠬᠤ ᠰᠢᠯᠢᠳᠡᠭ ᠰᠤᠷᠲᠠᠯ ᠢ ᠪᠠᠳᠠᠷᠠᠭᠤᠯᠵᠤ᠂ ᠦᠷ᠎ᠡ ᠬᠡᠦᠬᠡᠳ ᠲᠠᠢ ᠪᠣᠯᠬᠤ᠂ ᠰᠤᠷᠭᠠᠭᠤᠯᠢ ᠳᠤ ᠳᠡᠪᠰᠢᠬᠦ᠂ ᠴᠡᠷᠢᠭ ᠲᠤ ᠣᠷᠣᠬᠤ᠂ ᠲᠥᠷᠥᠭᠰᠡᠨ ᠡᠳᠦᠷ ᠤᠨ ᠪᠠᠶᠠᠷ ᠤᠨ ᠶᠣᠰᠣᠯᠠᠯ ᠬᠢᠬᠦ᠂ ᠰᠢᠨ᠎ᠡ ᠣᠷᠣᠨ ᠰᠠᠭᠤᠴᠠ ᠳᠤ ᠨᠡᠭᠦᠬᠦ ᠵᠡᠷᠭᠡ ᠪᠠᠶᠠᠷᠳᠤ ᠶᠠᠪᠤᠳᠠᠯ ᠲᠡᠬᠡᠷ᠎ᠡ ᠰᠣᠬᠤᠷ ᠪᠠᠯᠠᠢ ᠪᠠᠷ ᠳᠠᠭᠠᠵᠤ ᠠᠳᠠᠯᠢᠳᠬᠠᠬᠤ᠂  ᠤᠯᠠᠨ ᠢ ᠲᠠᠭᠠᠵᠤ ᠳᠠᠶᠢᠯᠠᠯᠭ᠎ᠠ ᠬᠢᠬᠦ ᠶᠢ ᠤᠬᠠᠮᠰᠠᠷ ᠠᠴᠠ ᠪᠠᠨ ᠬᠤᠷᠢᠭᠯᠠᠵᠤ᠂ ᠵᠦᠢ ᠵᠣᠬᠢᠰᠲᠠᠢ ᠨᠠᠶᠢᠷ ᠲᠠᠯ᠎ᠠ ᠶᠢᠨ ᠶᠠᠪᠤᠯᠴᠠᠭ᠎ᠠ ᠶᠢ ᠰᠠᠨᠠᠭᠠᠴᠢᠯᠠᠨ᠂ ᠯᠠᠷᠵᠠ ᠶᠠᠩᠪᠠ ᠲᠠᠲᠠᠬᠤ ᠦᠭᠡᠢ᠂ ᠠᠳᠠᠯᠢᠳᠬᠠᠬᠤ ᠦᠭᠡᠢ᠂ ᠲᠥᠷᠥᠯ ᠰᠠᠳᠤᠨ ᠨᠠᠶᠢᠵᠠ ᠨᠥᠬᠦᠳ ᠤᠨ ᠬᠤᠭᠤᠷᠣᠨᠳᠤ ᠪᠠᠨ ᠰᠤᠷᠭᠤᠭ ᠴᠡᠴᠡᠭ ᠬᠦᠷᠬᠡᠬᠦ᠂ ᠴᠠᠬᠢᠮ ᠴᠢᠮᠡᠭᠡ ᠶᠠᠪᠤᠭᠤᠯᠬᠤ ᠵᠡᠷᠭᠡ ᠠᠷᠭ᠎ᠠ ᠪᠠᠷ ᠵᠦᠡᠭᠨᠡᠯ ᠢᠶᠠᠨ ᠢᠯᠡᠳᠬᠡᠵᠤ᠂ ᠬᠠᠶᠢᠷ᠎ᠠ ᠰᠡᠳᠬᠢᠯᠭᠡ ᠪᠠᠨ ᠵᠤᠵᠠᠭᠠᠳᠬᠠᠨ᠂ ᠤᠬᠠᠮᠰᠠᠷ ᠠᠴᠠ ᠪᠠᠨ ᠮᠠᠭᠤ ᠳᠠᠳᠬᠠᠯ ᠢ ᠠᠷᠢᠯᠭᠠᠵᠤ᠂ ᠰᠢᠨ᠎ᠡ ᠰᠤᠷᠲᠠᠯ ᠢ ᠪᠣᠶ ᠪᠣᠯᠭᠠᠬᠤ ᠬᠡᠷᠡᠭᠲᠡᠢ᠃    ᠲᠠᠪᠤ᠂᠂ ᠬᠠᠭᠤᠴᠢᠨ ᠢ ᠡᠪᠳᠡᠨ ᠰᠢᠨ᠎ᠡ ᠶᠢ ᠪᠠᠶᠢᠭᠤᠯᠵᠤ᠂ ᠪᠠᠶᠠᠷ ᠲᠤᠷᠠᠰᠬᠠᠯ ᠤᠨ ᠡᠳᠦᠷ ᠢ ᠪᠣᠯᠪᠠᠰᠤᠨ ᠢᠶᠠᠷ ᠥᠩᠭᠡᠷᠡᠭᠦᠯᠬᠦ ᠶᠢ ᠰᠠᠨᠠᠭᠠᠴᠢᠯᠠᠨ᠎ᠠ᠃ ᠭᠠᠷ ᠤᠳᠠᠰᠤ᠂ ᠸᠢᠴᠠᠲ᠂ ᠰᠦᠯᠵᠢᠶ᠎ᠡ ᠪᠠᠷ ᠰᠢᠨ᠎ᠡ ᠶᠢᠨ ᠵᠣᠯᠭᠠᠯᠲᠠ ᠬᠢᠬᠦ ᠠᠷᠭ᠎ᠠ  ᠪᠠᠷ ᠲᠥᠷᠥᠯ ᠰᠠᠳᠤᠨ ᠤ ᠬᠠᠶᠢᠷ᠎ᠠ ᠰᠡᠳᠬᠢᠯᠭᠡ᠂ ᠨᠥᠬᠦᠷᠰᠡᠭ ᠰᠡᠳᠬᠢᠯᠭᠡ ᠪᠠᠨ ᠢᠯᠡᠳᠬᠡᠬᠦ ᠶᠢ ᠰᠠᠨᠠᠭᠠᠴᠢᠯᠠᠵᠤ᠂ ᠪᠠᠶᠠᠷ ᠲᠤᠷᠠᠰᠬᠠᠯ  ᠢ ᠲᠡᠮᠳᠡᠭᠯᠡᠬᠦ ᠬᠠᠭᠤᠴᠢᠨ ᠠᠷᠭ᠎ᠠ ᠶᠢ ᠬᠤᠪᠢᠷᠠᠭᠤᠯᠵᠤ᠂ ᠪᠠᠶᠠᠷ ᠤᠨ ᠡᠳᠦᠷ ᠢ ᠪᠣᠯᠪᠠᠰᠤᠨ ᠢᠶᠠᠷ ᠥᠩᠭᠡᠷᠡᠭᠦᠯᠬᠦ᠂ ᠲᠥᠬᠦᠮ ᠪᠥᠭᠡᠳ ᠲᠣᠬᠢᠷᠠᠮᠵᠢᠲᠠᠢ ᠪᠠᠶᠢᠯᠭᠠᠬᠤ ᠶᠢ ᠪᠡᠶᠡᠯᠡᠭᠦᠯᠦᠨ᠂ ︽ᠢᠳᠡᠭᠡᠨ ᠤᠮᠳᠠᠭᠠᠨ ᠢ ᠪᠦᠷᠢᠯᠬᠡᠬᠦ︾ ᠶᠢ ᠡᠷᠡᠰ ᠬᠤᠷᠢᠭᠯᠠᠵᠤ᠂ ︽ᠦᠯᠡᠳᠡᠬᠡᠯ ᠦᠬᠡᠢ ᠢᠳᠡᠬᠦ︾ ᠠᠵᠢᠯᠯᠠᠭ᠎ᠠ ᠶᠢ ᠦᠢᠯᠡᠳᠦᠯᠭᠡᠵᠢᠭᠦᠯᠦᠨ᠂ᠢᠳᠡᠭᠡᠨ ᠤᠮᠳᠠᠭᠠᠨ ᠤ ᠲᠤᠬᠠᠢ ᠡᠷᠡᠭᠦᠯ ᠪᠣᠯᠪᠠᠰᠤᠨ ᠳᠠᠳᠬᠠᠯ ᠢ ᠪᠣᠶ ᠪᠣᠯᠭᠠᠵᠤ᠂ ᠬᠤᠷᠢᠭᠠᠲᠠᠢ ᠣᠷᠣᠨ ᠳᠤ ᠫᠤᠤᠵᠢᠩ ᠲᠠᠯᠪᠢᠬᠤ ᠦᠭᠡᠢ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ᠃    ᠵᠢᠷᠭᠤᠭ᠎ᠠ᠂ ᠨᠠᠮ ᠤᠨ ᠭᠡᠰᠢᠭᠦᠨ ᠦᠯᠢᠭᠡᠷ ᠳᠠᠭᠤᠷᠢᠶᠠᠯ ᠦᠵᠡᠭᠦᠯᠬᠦ ᠶᠢ ᠪᠠᠳᠠᠷᠠᠭᠤᠯᠬᠤ ᠬᠡᠷᠡᠭᠲᠡᠢ᠃ ᠨᠠᠮ ᠤᠨ ᠭᠡᠰᠢᠭᠦᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠶᠡᠭᠡ ᠪᠠᠷ ᠪᠠᠵᠠᠭᠠᠵᠤ ᠶᠡᠭᠡ ᠪᠠᠷ ᠬᠢᠬᠦ ᠶᠢ ᠲᠦᠷᠦᠭᠦᠯᠡᠨ ᠬᠤᠷᠢᠭᠯᠠᠵᠤ᠂ ᠬᠤᠷᠢᠮ ᠪᠡᠯᠪᠡᠰᠦᠷᠡᠯ ᠤᠨ ᠰᠢᠨ᠎ᠡ ᠰᠤᠷᠲᠠᠯ ᠢ ᠨᠠᠶᠢᠳᠠᠪᠤᠷᠢᠵᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠤᠬᠠᠭᠤᠯᠤᠭᠴᠢ᠂ ᠰᠠᠨᠠᠭᠠᠴᠢᠯᠠᠭᠴᠢ᠂ ᠤᠯᠠᠮᠵᠢᠯᠠᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠭᠡᠰᠢᠭᠦᠨ ᠤ ᠬᠤᠷᠢᠮ ᠪᠡᠯᠪᠡᠰᠦᠷᠡᠯ ᠤᠨ ᠶᠠᠪᠤᠳᠠᠯ ᠤᠨ ᠲᠤᠬᠠᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠦᠷᠦᠯ ᠰᠠᠳᠤᠨ ᠰᠠᠶᠢᠨ ᠨᠠᠶᠢᠵᠠ ᠨᠥᠬᠦᠳ ᠪᠠ ᠳᠡᠷᠭᠡᠳᠡᠬᠢ ᠤᠯᠠᠨ ᠲᠦᠮᠡᠨ ᠢ  ᠲᠠᠭᠠᠭᠤᠯᠵᠤ ᠪᠠᠶᠢᠭᠠᠳ ᠰᠠᠶᠢᠨ ᠰᠠᠶᠢᠬᠠᠨ ᠬᠡᠪ ᠰᠤᠷᠲᠠᠯ ᠲᠠᠢ ᠪᠣᠯᠭᠠᠵᠤ᠂ ᠴᠠᠭ ᠲᠤᠬᠠᠢ  ᠳᠤ ᠨᠢ ᠢᠳᠬᠠᠨ ᠴᠡᠭᠡᠷᠯᠡᠭᠦᠯᠵᠦ᠂ ᠶᠡᠭᠡ ᠪᠠᠷ ᠪᠡᠯᠡᠳᠬᠦ᠂  ᠪᠦᠷᠢᠯᠬᠡᠬᠦ᠂ ᠹᠧᠣᠳᠠᠯ ᠤᠨ ᠮᠤᠬᠤᠷ ᠰᠦᠰᠦᠭ ᠢ ᠰᠢᠲᠦᠬᠦ ᠵᠡᠷᠭᠡ ᠦᠢᠯᠡ ᠠᠵᠢᠯᠯᠠᠭ᠎ᠠ ᠶᠢ ᠵᠣᠭᠰᠣᠭᠠᠵᠤ᠂ ᠵᠠᠩ ᠳᠠᠳᠬᠠᠯ ᠢ ᠥᠭᠡᠷᠡᠴᠢᠯᠡᠬᠦ ᠳᠠᠭᠠᠭᠤᠯᠤᠭᠴᠢ ᠪᠤᠯᠬᠤ ᠬᠡᠷᠡᠭᠳᠡᠢ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠯᠪᠠᠨ ᠬᠡᠷ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠳᠡᠶᠢᠴᠤᠳ ᠤᠨ ᠬᠤᠯᠪᠤᠭ᠎ᠠ                           2023 ᠣᠨ ᠤ 4 ᠰᠠᠷ᠎ᠠ ᠶᠢᠨ 25 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号