︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠷᠭ᠎ᠠ ︵ᠲᠤᠷᠰᠢᠨ ᠬᠡᠷᠡᠭᠯᠡᠬᠦ︶︾ ᠶᠢᠨ ᠲᠤᠬᠠᠢ ︵ᠰᠠᠨᠠᠯ ᠬᠤᠷᠢᠶᠠᠬᠤ ᠨᠤᠤᠷᠠᠭ︶ ᠰᠠᠨᠠᠯ ᠬᠤᠷᠢᠶᠠᠬᠤ ᠵᠠᠬᠢᠳᠠᠯ
ᠨᠡᠶᠢᠲᠡᠯᠡᠭᠰᠡᠨ ᠴᠠᠭ᠄
2023/4/6
ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠡᠯ᠎ᠡ ᠨᠢᠬᠡᠴᠢ᠂ ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠮᠠᠨᠵᠤᠤᠷ ᠬᠤᠲᠠ᠂ ᠡᠷᠢᠶᠡᠨ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ᠄    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠳᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠵᠢᠯ ᠢ ᠨᠠᠮ ᠤᠨ ᠲᠥᠪ ᠬᠤᠷᠢᠶ᠎ᠠ ᠪᠣᠯᠣᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠪᠤᠯᠤᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠨ ᠬᠠᠮᠢᠶᠠᠷᠬᠤ ᠠᠵᠢᠯ ᠤᠨ ᠪᠣᠳᠠᠲᠤ  ᠲᠠᠢ ᠤᠶᠠᠯᠳᠤᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠷᠭ᠎ᠠ ︵ᠲᠤᠷᠰᠢᠨ ᠬᠡᠷᠡᠭᠯᠡᠬᠦ︶︾ ︵ᠰᠠᠨᠠᠯ ᠬᠤᠷᠢᠶᠠᠬᠤ ᠨᠣᠣᠷᠠᠭ︶ ᠶᠢ ᠰᠤᠳᠤᠯᠤᠨ ᠲᠤᠭᠤᠷᠪᠢᠵᠤ᠂ ᠡᠳᠦᠭᠡ ᠲᠠ ᠨᠠᠷ ᠤᠨ ᠰᠠᠨᠠᠯ ᠢ ᠬᠤᠷᠢᠶᠠᠶ᠎ᠠ᠂ ᠵᠠᠰᠠᠪᠤᠷᠢ ᠣᠷᠣᠭᠤᠯᠬᠤ ᠰᠠᠨᠠᠯ ᠢᠶᠠᠨ 4 ᠳ᠋ᠤᠬᠡᠷ ᠰᠠᠷ᠎ᠠ ᠶᠢᠨ 14 ᠤ ᠡᠳᠦᠷ ︵ᠭᠠᠷᠠᠭ ᠤᠨ ᠲᠠᠪᠤᠨ︶ ᠤᠨ 17᠄ 00 ᠴᠠᠭ ᠠᠴᠠ ᠡᠮᠦᠨ᠎ᠡ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ︵ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ︶ ᠳᠤ ᠪᠢᠴᠢᠭ ᠢᠶᠠᠷ ᠬᠠᠷᠢᠭᠤ ᠲᠤᠰᠬᠠᠬᠤ ᠪᠤᠯᠪᠠ ᠤᠤ᠂ ᠬᠤᠭᠤᠴᠠᠭ᠎ᠠ ᠨᠢ ᠥᠩᠭᠡᠷᠡᠲᠡᠯ᠎ᠡ ᠬᠠᠷᠢᠭᠤ ᠲᠤᠰᠬᠠᠭᠰᠠᠨ ᠦᠭᠡᠢ ᠪᠣᠯ ᠰᠠᠨᠠᠯ ᠦᠭᠡᠢ ᠪᠠᠷ ᠦᠵᠡᠨ᠎ᠡ᠂ ᠮᠠᠨ ᠤ ᠠᠵᠢᠯ ᠢ   ᠲᠡᠮᠵᠢᠵᠤ ᠪᠠᠶᠢᠭ᠎ᠠ ᠳᠤ ᠴᠢᠨᠢ ᠲᠠᠯᠠᠷᠬᠠᠵᠤ ᠪᠠᠶᠢᠨ᠎ᠠ᠃ᠬᠠᠷᠢᠯᠴᠠᠬᠤ ᠬᠥᠮᠥᠨ᠄ ᠢᠦᠢ ᠭᠦᠸᠧ ᠵᠢᠶᠦ᠋ᠨᠬᠠᠷᠢᠯᠴᠠᠬᠤ ᠤᠲᠠᠰᠤ᠄ 0471-6613815ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠵᠦᠪᠯᠡᠯ2023 ᠣᠨ ᠤ 3 ᠰᠠᠷ᠎ᠠ ᠶᠢᠨ 30 ᠤ ᠡᠳᠦᠷ
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号