ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠣᠶᠣᠨ ᠤ ᠡᠷᠡᠭᠦᠯ ᠬᠠᠮᠠᠭᠠᠯᠠᠯ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠴᠢᠨᠠᠬᠰᠢᠳᠠ ᠴᠢᠩᠭᠠᠳᠬᠠᠬᠤ ᠲᠤᠬᠠᠢ ︽ᠮᠡᠳᠡᠭᠳᠡᠯ︾ ᠭᠠᠷᠭᠠᠪᠠ
ᠨᠡᠶᠢᠲᠡᠯᠡᠭᠰᠡᠨ ᠴᠠᠭ᠄
2023/6/13
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ︽ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ ᠶᠢ ᠵᠢᠷᠤᠮᠵᠢᠭᠤᠯᠤᠨ᠂ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃    ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠣᠶᠣᠨ ᠤ ᠡᠷᠡᠭᠦᠯ ᠬᠠᠮᠠᠭᠠᠯᠠᠯ ᠠᠰᠠᠷᠠᠮᠵᠢ ᠶᠢᠨ ᠪᠠᠶᠢᠭᠤᠯᠤᠮᠵᠢ ᠪᠣᠯ ᠣᠶᠣᠨ ᠰᠠᠭᠠᠳ ᠲᠠᠢ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠪᠠᠳᠤᠯᠠᠭ᠎ᠠ ᠶᠢᠨ ᠲᠤᠰᠬᠠᠢ ᠪᠠᠶᠢᠭᠤᠯᠤᠮᠵᠢ ᠮᠥᠨ ᠪᠦᠬᠡᠳ ᠣᠶᠣᠨ  ᠤ ᠰᠠᠭᠠᠳ ᠲᠠᠢ ᠬᠦᠮᠦᠰ ᠲᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ ᠬᠠᠩᠭᠠᠬᠤ ᠴᠢᠬᠤᠯᠠ ᠠᠴᠢᠶᠠᠯᠠᠪᠤᠷᠢ ᠮᠥᠨ᠃ ᠣᠶᠣᠨ ᠤ ᠡᠷᠡᠭᠦᠯ ᠬᠠᠮᠠᠭᠠᠯᠠᠯ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠃    ︽ᠮᠡᠳᠡᠭᠳᠡᠯ︾ ᠳᠤ ᠵᠢᠭᠠᠬᠰᠠᠨ ᠨᠢ᠂ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠵᠢᠯ ᠢ ᠰᠠᠶᠢᠲᠤᠷ ᠬᠢᠬᠦ ᠪᠣᠯ ᠵᠡᠮᠳᠡᠭᠴᠦᠳ ᠤᠨ ᠳᠦᠷᠢᠮ ᠢ ᠲᠡᠭᠦᠯᠳᠡᠷᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠬᠠᠮᠠᠭᠠᠯᠠᠬᠤ ᠶᠢᠨ ᠲᠤᠯᠭᠠᠮ ᠱᠠᠭᠠᠷᠳᠠᠯᠭ᠎ᠠ ᠮᠥᠨ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠷᠣᠭᠤᠯᠤᠯᠲᠠ ᠪᠠᠨ ᠨᠡᠮᠡᠭᠳᠡᠭᠦᠯᠦᠨ᠂ ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠰᠢᠨ᠎ᠡ ᠶᠢ ᠡᠭᠦᠳᠴᠦ᠂ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃    ︽ᠮᠡᠳᠡᠭᠳᠡᠯ︾ ᠳᠤ ᠱᠠᠭᠠᠷᠳᠠᠬᠰᠠᠨ ᠨᠢ᠂ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠠᠵᠢᠯ ᠢ ᠮᠠᠰᠢᠳᠠ ᠴᠢᠬᠤᠯᠠᠴᠢᠯᠠᠵᠤ᠂ ᠪᠠᠶᠢᠭᠤᠯᠤᠮᠵᠢ ᠶᠢᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠨ᠂ ᠨᠡᠶᠢᠭᠡᠮ ᠤᠨ ᠠᠰᠠᠷᠠᠮᠵᠢ ᠶᠢᠨ ᠰᠢᠨᠵᠢ ᠪᠠ ᠨᠡᠶᠢᠲᠡ ᠶᠢᠨ ᠠᠰᠠᠷᠠᠮᠵᠢ ᠶᠢᠨ ᠰᠢᠨᠵᠢ ᠶᠢ ᠳᠣᠪᠤᠶᠢᠯᠭᠠᠵᠤ᠂ ᠠᠵᠢᠯ ᠤᠨ ᠵᠠᠷᠴᠢᠮ ᠪᠠ ᠬᠠᠷᠠᠯᠲᠠ ᠡᠭᠦᠷᠭᠡ ᠶᠢ ᠲᠣᠳᠣᠷᠬᠠᠶᠢᠯᠠᠨ᠂ ᠠᠵᠢᠯ ᠤᠨ ᠠᠷᠭ᠎ᠠ ᠶᠢ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠠᠵᠢᠯ ᠤᠨ ᠣᠨᠴᠠᠯᠢᠭ ᠢ ᠦᠨᠳᠦᠰᠦᠯᠡᠨ᠂ ᠪᠠᠶᠢᠭᠤᠯᠤᠮᠵᠢ ᠶᠢ ᠲᠥᠷᠥᠯ ᠬᠤᠪᠢᠶᠠᠨ ᠬᠠᠮᠢᠶᠠᠷᠴᠤ ᠵᠢᠯᠤᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ  ᠲᠦᠪᠰᠢᠨ ᠪᠣᠯᠣᠨ ᠪᠠᠲᠤᠯᠠᠭ᠎ᠠ ᠬᠦᠷᠳᠡᠭᠰᠡᠳ ᠤᠨ ᠬᠡᠷᠡᠭᠴᠡᠭᠡ ᠱᠠᠭᠠᠷᠳᠠᠯᠭ᠎ᠠ  ᠲᠠᠢ ᠤᠶᠠᠯᠳᠤᠭᠤᠯᠵᠤ᠂ ᠪᠠᠶᠢᠭᠤᠯᠤᠮᠵᠢ ᠶᠢᠨ ᠲᠥᠯᠦᠪᠵᠢᠭᠦᠯᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠭᠤᠰᠤᠨ ᠭᠠᠵᠠᠷ︾ ᠢ ᠨᠥᠬᠦᠵᠦ᠂ 2025 ᠣᠨ ᠪᠣᠯᠬᠤ ᠳᠤ ᠠᠶᠢᠮᠠᠭ ᠬᠤᠲᠠ ᠪᠤᠯᠭᠠᠨ ᠳᠤ ᠠᠷᠠᠳ ᠤᠨ ᠶᠠᠪᠤᠳᠠᠯ ᠤᠨ ᠰᠢᠭᠤᠳ ᠬᠠᠷᠢᠶ᠎ᠠ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ ᠶᠢ 1 ᠪᠠᠶᠢᠭᠤᠯᠬᠤ ᠶᠢ ᠦᠨᠡᠨ ᠬᠦ ᠪᠠᠲᠤᠯᠠᠵᠤ᠂ ᠪᠡᠯᠡ ᠮᠥᠩᠭᠦ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠤᠨ᠂ ᠣᠨᠴᠠᠭᠠᠶ  ᠬᠦᠴᠢᠷᠳᠡᠯᠳᠡᠢ ᠣᠶᠣᠨ ᠤ ᠰᠠᠭᠠᠳ ᠲᠠᠢ ᠡᠪᠡᠳᠴᠢᠲᠡᠨ ᠢ ᠠᠪᠤᠷᠠᠨ ᠵᠠᠰᠠᠬᠤ᠂ ᠠᠰᠠᠷᠠᠨ ᠲᠡᠵᠢᠭᠡᠬᠦ ᠵᠠᠷᠤᠳᠠᠯ ᠤᠨ ᠪᠠᠷᠢᠮᠵᠢᠶ᠎ᠠ ᠶᠢ ᠬᠥᠳᠡᠯᠦᠩᠭᠦᠢ ᠪᠠᠷ ᠨᠡᠮᠡᠭᠳᠡᠭᠦᠯᠬᠦ ᠲᠣᠭᠲᠠᠴᠠ ᠶᠢ ᠲᠣᠭᠲᠠᠭᠠᠵᠤ᠂ ᠰᠠᠯᠠᠭ᠎ᠠ ᠲᠠᠰᠤᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠠᠪᠤᠷᠠᠨ ᠲᠤᠰᠠᠯᠠᠬᠤ᠂ ᠰᠤᠪᠢᠯᠠᠬᠤ᠂ ᠡᠷᠡᠭᠦᠯᠵᠢᠭᠦᠯᠬᠦ᠂ ᠬᠠᠷᠠᠭᠠᠯᠵᠠᠬᠤ ᠵᠡᠷᠭᠡ ᠴᠢᠳᠠᠮᠵᠢ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠠᠪᠤᠷᠠᠨ ᠵᠠᠰᠠᠬᠤ ᠠᠵᠢᠯᠲᠠᠨ ᠤ ᠠᠳᠠᠯᠢ ᠪᠤᠰᠤ ᠱᠠᠲᠤ ᠦᠶ᠎ᠡ ᠶᠢᠨ ᠵᠦᠢ ᠵᠣᠬᠢᠰᠲᠠᠢ ᠬᠡᠷᠡᠭᠴᠡᠭᠡ ᠶᠢ ᠦᠨᠡᠨ ᠬᠦ ᠬᠠᠨᠭ᠍ᠭᠠᠬᠤ ᠬᠡᠷᠡᠭᠳᠡᠢ᠃ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠶᠢ ᠪᠠᠷᠢᠮᠲᠠᠯᠠᠵᠤ᠂ ᠰᠢᠢᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠤᠨ᠂ ᠣᠨᠣᠰᠢᠯᠠᠨ ᠡᠮᠨᠡᠬᠦ᠂ ᠡᠷᠡᠭᠦᠯᠵᠢᠭᠦᠯᠬᠦ᠂ ᠠᠰᠠᠷᠠᠨ ᠬᠠᠮᠠᠭᠠᠯᠠᠬᠤ ᠪᠠ ᠨᠡᠶᠢᠭᠡᠮ ᠳᠤ ᠪᠤᠴᠠᠭᠠᠬᠤ ᠭᠤᠷᠪᠠ ᠶᠢ ᠣᠷᠭᠠᠨᠢᠭ ᠢᠶᠠᠷ ᠵᠣᠯᠭᠠᠭᠤᠯᠵᠤ᠂ ᠪᠦᠲᠦᠮᠵᠢᠲᠡᠶ ᠲᠤᠰᠬᠠᠢ ᠮᠡᠷᠭᠡᠵᠢᠯ ᠤᠨ ᠬᠠᠮᠢᠶᠠᠷᠤᠯᠲᠠ ᠦᠢᠯᠡᠴᠢᠯᠡᠭᠡᠨ ᠤ ᠪᠠᠲᠤᠯᠠᠭ᠎ᠠ ᠶᠢᠨ  ᠰᠢᠰᠲ᠋ᠧᠮ ᠢ ᠪᠠᠶᠢᠭᠤᠯᠬᠤ ᠬᠡᠷᠡᠭᠲᠡᠢ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠲᠤᠰᠬᠠᠢ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠬᠢᠬᠦ᠂ ᠬᠤᠣᠰᠯᠠᠨ ᠬᠤᠯᠪᠤᠭᠠᠯᠠᠵᠤ ᠲᠡᠳᠬᠦᠬᠦ ᠠᠷᠭ᠎ᠠ ᠪᠠᠷ ᠣᠶᠣᠨ ᠤ ᠡᠷᠡᠭᠦᠯ ᠬᠠᠮᠠᠭᠠᠯᠠᠯ ᠠᠰᠠᠷᠠᠮᠵᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ᠂ ᠡᠬᠢ ᠪᠠᠶᠠᠯᠢᠭ ᠢ  ᠬᠤᠪᠢᠶᠠᠯᠴᠠᠬᠤ ᠶᠢ ᠠᠬᠢᠭᠤᠯᠵᠤ᠂ ᠪᠦᠬᠦᠯᠢ ᠴᠣᠭᠴᠠ ᠶᠢᠨ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠣᠶᠣᠨ ᠮᠡᠳᠡᠷᠡᠯ ᠤᠨ ᠰᠠᠭᠠᠳ ᠲᠠᠢ ᠬᠦᠮᠦᠰ ᠢ ᠡᠷᠡᠬᠦᠯᠵᠢᠬᠦᠯᠬᠦ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠪᠠᠷ ᠬᠦᠳᠤᠯᠬᠦ ᠬᠡᠷᠡᠭᠲᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号