ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠡᠭᠦᠷᠭᠡᠯᠡᠬᠦ ᠪᠠᠷ ᠪᠠᠶᠢᠭ᠎ᠠ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠵᠢᠯ ᠢ ᠲᠦᠷᠢᠮᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2023/6/5
    ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠰᠠᠨᠠᠯ ︵ᠲᠤᠷᠰᠢᠨ ᠬᠡᠷᠡᠭᠵᠢᠭᠦᠯᠬᠦ︶︾ ︵ᠲᠥᠪ ᠠᠯᠪᠠᠨ ᠲᠠᠷᠬᠠᠭᠠᠭᠰᠠᠨ 〔2015 〕51 ᠳ᠋ᠤᠬᠡᠷ ᠲᠣᠭᠠᠲᠤ︶ ᠢ ᠭᠦᠨᠵᠡᠭᠡᠢ  ᠲᠤᠭᠤᠰᠢᠯᠠᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠵᠢᠯ ᠢ ᠤᠯᠠᠮ ᠵᠢᠷᠤᠮᠵᠢᠭᠤᠯᠬᠤ ᠶᠢᠨ ᠲᠦᠯᠤᠬᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ 5 ᠳ᠋ᠤᠭᠠᠷ ᠰᠠᠷ᠎ᠠ ᠶᠢᠨ 19 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠡᠬᠦᠷᠬᠡᠯᠡᠬᠦ ᠪᠠᠷ ᠪᠠᠶᠢᠭ᠎ᠠ ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠢᠨᠠᠨ ᠵᠥᠪᠯᠡᠵᠦ ᠪᠠᠲᠤᠯᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠨᠡᠷ᠎ᠡ ᠪᠠᠷ ᠪᠦᠬᠦ ᠣᠷᠣᠨ ᠤ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠳᠠᠷᠤᠮᠠᠯᠯᠠᠨ ᠲᠠᠷᠬᠠᠭᠠᠵᠤ  ᠬᠡᠷᠡᠭᠵᠢᠬᠦᠯᠬᠦ ᠪᠤᠯᠤᠨ᠎ᠠ᠃     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠡᠬᠦᠷᠬᠡᠯᠡᠬᠦ ᠪᠠᠷ ᠪᠠᠶᠢᠭ᠎ᠠ ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠨᠡᠶᠢᠲᠡ 17 ᠵᠦᠢᠯ ᠪᠠᠶᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠲᠤᠰᠢᠶᠠᠯ ᠡᠬᠦᠷᠬᠡᠯᠡᠬᠦ ᠪᠣᠭᠤᠮᠲᠠ ᠶᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷᠯᠢᠭ ᠬᠥᠭᠵᠢᠯᠲᠡ ᠶᠢᠨ ᠰᠠᠭᠤᠷᠢ ᠶᠢ ᠲᠠᠯᠪᠢᠬᠤ ᠶᠢᠨ ᠲᠥᠯᠥᠭᠡ ᠲᠣᠭᠲᠠᠭᠠᠭᠰᠠᠨ ᠦᠨᠳᠦᠰᠦᠯᠡᠯ᠂ ᠬᠢᠨᠠᠨ ᠬᠠᠷᠭᠤᠭᠤᠯᠬᠤ ᠬᠡᠪᠴᠢᠶ᠎ᠡ᠂ ᠬᠡᠷᠡᠭᠯᠡᠬᠦ ᠬᠡᠪᠴᠢᠶ᠎ᠡ᠂ ᠬᠢᠨᠠᠨ ᠬᠠᠷᠭᠤᠭᠤᠯᠬᠤ ᠵᠠᠷᠴᠢᠮ᠂ ᠬᠢᠷᠢ ᠬᠡᠮ ᠤᠨ ᠨᠥᠬᠦᠴᠡᠯ᠂ ᠮᠡᠳᠡᠭᠦᠯᠬᠦ ᠪᠠ ᠬᠢᠨᠠᠨ ᠵᠥᠪᠰᠢᠶᠡᠷᠡᠬᠦ ᠵᠡᠷᠭᠡ 7 ᠬᠡᠰᠡᠭ ᠪᠣᠶ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠡᠬᠦᠷᠬᠡᠯᠡᠬᠦ ᠪᠠᠷ ᠪᠠᠶᠢᠭ᠎ᠠ ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ ᠳᠤ  ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠬᠢᠨᠠᠨ ᠬᠠᠷᠭᠤᠭᠤᠯᠤᠯᠲᠠ ᠶᠢ ᠬᠤᠪᠢ ᠬᠥᠮᠥᠨ ᠤ ᠢᠯᠡᠷᠬᠡᠶᠢᠯᠡᠯᠲᠡ ᠪᠠ ᠠᠮᠠᠯᠠᠯᠲᠠ᠂ ᠵᠣᠬᠢᠶᠠᠨ ᠪᠠᠶᠢᠭᠤᠯᠤᠯᠲᠠ ᠶᠢᠨ ᠰᠣᠷᠪᠤᠯᠵᠢᠯᠠᠭ᠎ᠠ᠂ ᠵᠠᠬᠢᠳᠠᠯ ᠢᠶᠠᠷ ᠠᠰᠠᠭᠤᠬᠤ ᠪᠠ ᠢᠲᠡᠭᠡᠮᠵᠢ ᠶᠢᠨ ᠯᠠᠪᠯᠠᠯᠲᠠ ᠶᠢᠨ ᠵᠡᠷᠭᠡ ᠣᠯᠠᠨ ᠠᠷᠭ᠎ᠠ ᠪᠠᠷ ᠶᠠᠪᠤᠭᠳᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠵᠡᠷᠭᠡ ᠲᠤᠰᠢᠶᠠᠯ ᠤᠨ ᠵᠢᠱᠢᠭᠳᠡᠭᠴᠢ ᠳᠤ ᠬᠢᠨᠠᠨ ᠬᠠᠷᠭᠤᠭᠤᠯᠤᠯᠲᠠ ᠬᠢᠨ᠎ᠡ ᠭᠡᠵᠦ ᠲᠣᠳᠣᠷᠬᠠᠢ ᠲᠣᠭᠲᠠᠭᠠᠵᠠᠢ᠃ ᠡᠭᠦᠨ ᠳᠤ ᠰᠢᠭᠤᠳ ᠳᠠᠩᠰᠠᠯᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ ᠠᠳᠠᠯᠢ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠮᠵᠢ ᠠᠴᠠ ᠰᠢᠭᠤᠳ ᠬᠦᠯᠢᠶᠡᠨ ᠠᠪᠴᠤ ᠰᠢᠢᠳᠪᠦᠷᠢᠯᠡᠨ᠎ᠡ᠃ ᠳᠠᠪᠬᠤᠷ ᠬᠠᠮᠢᠶᠠᠷᠤᠯᠲᠠ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠵᠢᠱᠢᠭᠳᠡᠭᠴᠢ ᠶᠢ ᠲᠤᠬᠠᠶᠢᠯᠠᠭᠰᠠᠨ ᠠᠵᠢᠯ ᠤᠨ ᠡᠷᠭᠢᠯᠡᠨ ᠬᠠᠮᠢᠶᠠᠷᠬᠤ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠠᠴᠠ ᠠᠩᠬ᠎ᠠ ᠬᠢᠨᠠᠭᠰᠠᠨ ᠤ ᠳᠠᠷᠠᠭ᠎ᠠ᠂ ᠠᠳᠠᠯᠢ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠮᠵᠢ ᠳᠤ ᠮᠡᠳᠡᠭᠦᠯᠵᠦ ᠬᠢᠨᠠᠨ ᠬᠠᠷᠭᠤᠭᠤᠯᠤᠭᠤᠯᠬᠤ ᠬᠡᠷᠡᠭᠲᠡᠢ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠡᠬᠦᠷᠬᠡᠯᠡᠬᠦ ᠪᠠᠷ ᠪᠠᠶᠢᠭ᠎ᠠ ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ ᠳᠤ  ᠵᠢᠭᠠᠬᠰᠠᠨ ᠨᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢ ᠬᠢᠨᠠᠨ ᠬᠠᠷᠭᠤᠭᠤᠯᠬᠤ ᠳᠤ ᠪᠠᠨ ᠤᠯᠤᠰ ᠲᠥᠷᠥ ᠶᠢᠨ ᠪᠠᠷᠢᠮᠵᠢᠶ᠎ᠠ ᠶᠢ ᠪᠠᠷᠢᠮᠲᠠᠯᠠᠵᠤ᠂ ︽ᠢᠲᠡᠭᠡᠯ ᠵᠣᠷᠢᠭ ᠢᠶᠠᠨ ᠪᠠᠷᠢᠮᠲᠠᠯᠠᠬᠤ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ᠂ ᠴᠢᠳᠠᠪᠤᠷᠢ ᠲᠠᠢ ᠪᠠᠶᠢᠬᠤ᠂ ᠵᠠᠩ ᠰᠤᠷᠲᠠᠯ ᠢ ᠴᠢᠬᠤᠯᠠᠴᠢᠯᠠᠬᠤ︾ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ ᠪᠣᠭᠤᠮᠲᠠ᠂  ᠶᠤᠰᠤ ᠰᠤᠷᠳᠠᠬᠤᠨ  ᠤ ᠪᠣᠭᠤᠮᠲᠠ᠂ ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠭᠴᠢ ᠶᠢᠨ ᠪᠣᠭᠤᠮᠲᠠ ᠶᠢ ᠦᠨᠡᠨ ᠬᠦ ᠰᠠᠶᠢᠲᠤᠷ ᠡᠵᠡᠮᠳᠡᠬᠦ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ ᠲᠤᠰᠢᠶᠠᠯ ᠡᠬᠦᠷᠬᠡᠯᠡᠬᠦ ᠪᠠᠷ ᠪᠠᠶᠢᠭ᠎ᠠ ᠬᠥᠮᠥᠰ ᠡᠷᠬᠡᠪᠰᠢ ᠲᠣᠰ ᠤᠯᠤᠰ ᠤᠨ ᠬᠠᠷᠢᠶ᠎ᠠ ᠲᠠᠢ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠶᠢᠷᠠᠲᠠᠢ᠂ ᠰᠠᠶᠢᠨ ᠰᠠᠶᠢᠬᠠᠨ ᠤᠯᠤᠰ ᠲᠥᠷᠥ ᠶᠢᠨ ᠬᠡᠪ ᠴᠢᠨᠠᠷ᠂ ᠶᠣᠰᠣ ᠮᠣᠷᠠᠯ ᠵᠠᠩ ᠰᠤᠷᠲᠠᠯ᠂ ᠢᠲᠡᠭᠡᠮᠵᠢ ᠶᠢᠨ ᠲᠡᠮᠳᠡᠭᠯᠡᠯ ᠲᠠᠢ᠂ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠤᠳ ᠤᠨ ᠨᠥᠬᠦᠴᠡᠯ ᠪᠠ ᠴᠢᠳᠠᠪᠤᠷᠢ ᠶᠢᠨ ᠬᠡᠪ ᠴᠢᠨᠠᠷ ᠵᠡᠷᠭᠡ 7 ᠦᠨᠳᠦᠰᠦᠨ ᠨᠥᠬᠦᠴᠡᠯ ᠲᠠᠢ ᠪᠠᠶᠢᠬᠤ ᠬᠡᠷᠡᠭᠲᠡᠢ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠡᠬᠦᠷᠬᠡᠯᠡᠬᠦ ᠪᠠᠷ ᠪᠠᠶᠢᠭ᠎ᠠ ᠬᠠᠷᠢᠭᠤᠴᠠᠯᠭᠠᠲᠠᠨ ᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠪᠠᠰᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠬᠢᠨᠠᠨ ᠬᠠᠷᠭᠤᠭᠤᠯᠬᠤ ᠲᠠᠰ ᠳᠠᠷᠠᠭᠠᠯᠠᠯ᠂ ᠭᠠᠳᠠᠭᠤᠷᠴᠢᠯᠠᠬᠤ ᠵᠦᠢᠯ ᠵᠤᠷᠪᠤᠰ᠂ ᠢᠯᠡᠵᠢᠬᠦᠯᠬᠦ ᠵᠡᠷᠭᠡ ᠵᠦᠢᠯᠡᠰ ᠤᠨ ᠲᠤᠬᠠᠢ ᠲᠣᠳᠣᠷᠬᠠᠢ ᠲᠣᠭᠲᠠᠭᠠᠵᠠᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠭᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号