ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠤ ᠦᠢᠯᠡᠰ ᠤᠨ ᠨᠡᠶᠢᠭᠡᠮᠯᠢᠭ ᠤᠨ  ᠬᠢᠨ ︽2023 ᠣᠨ ᠤ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠡᠳᠦᠷ︾ ᠤᠨ ᠰᠠᠨᠠᠭᠠᠴᠢᠯᠠᠭ᠎ᠠ ᠶᠢᠨ ᠪᠢᠴᠢᠭ ᠭᠠᠷᠭᠠᠪᠠ
ᠨᠡᠶᠢᠲᠡᠯᠡᠭᠰᠡᠨ ᠴᠠᠭ᠄
2023/7/19
   7 ᠳ᠋ᠤᠭᠠᠷ ᠰᠠᠷ᠎ᠠ ᠶᠢᠨ 12  ᠤᠨ ᠡᠳᠦᠷ ᠪᠣᠯ ᠪᠦᠬᠦ ᠤᠯᠤᠰ ᠤᠨ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠡᠳᠦᠷ ᠪᠣᠯᠣᠨ᠎ᠠ᠂ ᠡᠨᠡ ᠬᠦ ᠡᠳᠤᠷ ᠤᠨ ᠭᠤᠤᠯ ᠰᠡᠳᠤᠪ ᠨᠢ ︽ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠵᠤ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠶ᠎ᠠ︾ ᠪᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠦᠭᠵᠢᠬᠦᠯᠤᠯᠳᠡ ᠶᠢᠨ ᠣᠶᠢᠯᠠᠭᠠᠭᠳᠠᠬᠤᠨ ᠢ ᠥᠷᠭᠡᠨ ᠢᠶᠠᠷ ᠤᠬᠠᠭᠤᠯᠵᠤ᠂ ᠪᠦᠬᠦ ᠨᠡᠶᠢᠭᠡᠮ ᠤᠨ ᠬᠢᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠤᠬᠠᠮᠰᠠᠷ ᠪᠣᠯᠣᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ᠂ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠤ ᠦᠢᠯᠡᠰ ᠤᠨ ᠨᠡᠶᠢᠭᠡᠮᠯᠢᠭ ᠤᠨ ᠬᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠦᠭᠵᠢᠬᠦᠯᠤᠯᠳᠡ ᠶᠢ ᠠᠬᠢᠭᠤᠯᠬᠤ ᠶᠢ ᠰᠠᠨᠠᠭᠠᠴᠢᠯᠠᠪᠠ᠃  ᠰᠠᠨᠠᠭᠠᠴᠢᠯᠠᠭ᠎ᠠ ᠶᠢᠨ ᠪᠢᠴᠢᠭ ᠲᠤ᠂ ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠵᠤ‌ᠬᠠᠮᠲᠤ ᠪᠠᠷ ᠤᠷᠤᠬᠰᠢᠯᠠᠬᠤ︾ ᠠᠵᠢᠯᠯᠠᠭ᠎ᠠ ᠶᠢᠨ ᠤᠯᠠᠮᠵᠢᠯᠠᠬᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯᠴᠢ ᠠᠷᠪᠢᠴᠢ ᠰᠢᠯᠢᠳᠡᠭ ᠤᠯᠠᠮᠵᠢᠯᠠᠯ ᠪᠠ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠠᠮᠢᠳᠤᠷᠠᠯ ᠤᠨ ᠣᠶᠢᠯᠠᠭᠠᠭᠳᠠᠬᠤᠨ ᠢ ᠤᠬᠠᠮᠰᠠᠷ ᠠᠴᠠ ᠪᠠᠨ ᠤᠶᠠᠯᠳᠤᠭᠤᠯᠵᠤ᠂ ᠳᠥᠭᠦᠮ ᠪᠥᠭᠡᠳ ᠲᠣᠬᠢᠷᠠᠮᠵᠢᠲᠠᠢ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠠᠮᠢᠳᠤᠷᠠᠯ ᠤᠨ ᠠᠷᠭ᠎ᠠ  ᠶᠢ ᠰᠠᠨᠠᠭᠠᠴᠢᠯᠠᠵᠤ᠂ ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠵᠤ ᠬᠠᠮᠲᠤ ᠪᠠᠷ ᠤᠷᠤᠬᠰᠢᠯᠠᠬᠤ︾ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠬᠠᠵᠠᠭᠤ ᠬᠠᠪᠢ  ᠶᠢᠨ ᠬᠢᠨ ᠢᠶᠠᠨ ᠲᠠᠶᠢᠴᠢᠯᠠᠨ᠂  ᠠᠷᠪᠢᠴᠢ ᠭᠠᠮᠴᠢ ᠨᠡᠶᠢᠭᠡᠮ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠪᠣᠬᠢᠷᠲᠤᠯ ᠦᠭᠡᠢ ᠬᠥᠭᠵᠢᠭᠦᠯᠬᠦ᠂ ᠠᠷᠪᠢᠯᠠᠨ ᠭᠠᠮᠨᠠᠬᠤ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠬᠠᠮᠲᠤ ᠪᠠᠷ ᠪᠤᠢ ᠪᠤᠯᠭᠠᠬᠤ ᠬᠡᠷᠡᠭᠳᠡᠢ ᠬᠡᠪᠡ᠃   ᠰᠠᠨᠠᠭᠠᠴᠢᠯᠠᠭ᠎ᠠ ᠶᠢᠨ ᠪᠢᠴᠢᠭ ᠲᠤ᠂ ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠵᠤ ᠬᠠᠮᠲᠤ ᠪᠠᠷ ᠤᠷᠤᠬᠰᠢᠯᠠᠬᠤ︾ ᠠᠵᠢᠯᠯᠠᠭ᠎ᠠ ᠶᠢᠨ ᠦᠢᠯᠡᠳᠤᠯᠬᠡᠵᠢᠬᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠬᠢᠯᠠᠭᠠᠷ ᠤᠭᠤᠳᠠ ᠬᠡᠷᠡᠭᠯᠡᠬᠦ ᠶᠢ ᠲᠦᠷᠦᠭᠦᠯᠡᠨ ᠪᠠᠭᠠᠰᠬᠠᠵᠤ᠂ ᠴᠠᠭᠠᠨ ᠪᠣᠬᠢᠷᠲᠤᠯ ᠢ ᠬᠤᠷᠢᠭᠯᠠᠨ ᠵᠣᠭᠰᠣᠭᠠᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠳᠠᠳᠬᠠᠯ ᠢ ᠬᠥᠮᠥᠵᠢᠭᠦᠯᠵᠦ᠂ ᠲᠤᠬᠳᠠᠭᠠᠯ ᠶᠤᠰᠤᠭᠠᠷ ᠲᠥᠷᠥᠯ ᠬᠤᠪᠢᠶᠠᠨ᠂ ᠵᠦᠢ ᠵᠣᠬᠢᠰᠲᠠᠢ ᠲᠠᠯᠪᠢᠵᠤ᠂ ᠠᠮᠢᠳᠤᠷᠠᠯ ᠤᠨ ᠬᠤᠭ ᠨᠣᠪᠰᠢ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠪᠡᠶᠡᠯᠡᠬᠦᠯᠬᠦ ᠬᠡᠷᠡᠭᠳᠡᠢ᠃ ᠠᠮᠤ ᠪᠤᠳᠠᠭ᠎ᠠ ᠶᠢ ᠭᠠᠮᠨᠠᠵᠤ᠂ ᠢᠳᠡᠬᠦ ᠶᠢᠨ ᠢᠶᠠᠨ ᠬᠡᠮᠵᠢᠶ᠎ᠡ  ᠪᠠᠷ ᠬᠤᠭᠤᠯᠠ ᠵᠠᠬᠢᠶᠠᠯᠠᠨ᠂ ᠪᠣᠯᠪᠠᠰᠤᠨ ᠢᠶᠠᠷ ᠢᠳᠡᠵᠤ ᠤᠤᠭᠤᠬᠤ ᠬᠡᠷᠡᠭᠳᠡᠢ᠃ ᠪᠣᠬᠢᠷᠲᠤᠯ ᠦᠭᠡᠢ ᠠᠯᠪᠠᠯᠠᠵᠤ᠂ ᠭᠷᠡᠳᠦ᠋ᠰ ᠴᠠᠬᠢᠯᠭᠠᠨ᠂ ᠳᠤᠰᠤᠯ ᠤᠰᠤ᠂ ᠦᠬᠡᠳᠡᠰᠤ ᠴᠠᠭᠠᠰᠤ ᠶᠢ ᠬᠦᠷᠳᠡᠯ᠎ᠡ ᠨᠠᠨᠳᠢᠩᠨᠠᠨ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠠᠯᠪᠠᠯᠠᠬᠤ ᠠᠵᠢᠯᠯᠠᠭ᠎ᠠ ᠶᠢᠨ ᠤᠬᠠᠮᠰᠠᠷ ᠢ ᠦᠨᠡᠨ ᠬᠦ ᠴᠢᠩᠭᠠᠷᠠᠭᠤᠯᠬᠤ ᠬᠡᠷᠡᠭᠳᠡᠢ᠃ ᠠᠭᠠᠷᠵᠢᠭᠤᠯᠤᠬᠴᠢ ᠶᠢᠨ ᠲᠤᠬᠠᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠭᠠᠷᠵᠢᠭᠤᠯᠤᠬᠴᠢ ᠶᠢ ᠡᠳᠦᠷ ᠪᠦᠷᠢ 1 ᠴᠠᠭ ᠳᠤᠲᠠᠭᠤ ᠨᠡᠭᠡᠭᠡᠬᠦ ᠶᠢ ᠰᠠᠨᠠᠭᠠᠴᠢᠯᠠᠨ᠎ᠠ᠃ ᠨᠠᠷᠠᠨ ᠤ ᠬᠡᠷᠡᠯ ᠢ ᠠᠰᠢᠬᠯᠠᠬᠤ ᠶᠢ ᠡᠷᠬᠢᠮᠯᠡᠵᠦ᠂ ︽ᠡᠳᠦᠷ ᠢᠶᠠᠷ ᠳ᠋ᠸᠡᠭ ᠠᠰᠠᠭᠠᠬᠤ︾ ︽  ᠡᠳᠤᠷ ᠰᠦᠨᠢ ᠦᠬᠡᠢ ᠠᠰᠠᠭᠠᠬᠤ︾ ᠢ ᠡᠷᠡᠰ ᠬᠤᠷᠢᠭᠯᠠᠬᠤ ᠬᠡᠷᠡᠭᠲᠡᠢ᠃ ᠴᠠᠭᠠᠰᠤ ᠬᠡᠷᠡᠭᠯᠡᠬᠦ ᠦᠭᠡᠢ ᠪᠠᠷ ᠠᠵᠢᠯᠯᠠᠬᠤ ᠠᠵᠢᠯᠯᠠᠭ᠎ᠠ ᠶᠢ ᠢᠳᠡᠪᠬᠢᠲᠡᠢ ᠳᠡᠯᠭᠡᠷᠡᠭᠦᠯᠵᠦ᠂ ᠴᠠᠭᠠᠰᠤ ᠶᠢ ᠬᠤᠶᠠᠷ ᠲᠠᠯ᠎ᠠ ᠪᠠᠷ ᠨᠢ ᠬᠡᠷᠡᠭᠯᠡᠬᠦ ᠬᠡᠷᠡᠭᠲᠡᠢ᠃ ᠪᠣᠬᠢᠷᠲᠤᠯ ᠦᠭᠡᠢ ᠠᠶᠠᠯᠠᠯ ᠢ ᠦᠢᠯᠡᠳᠦᠯᠭᠡᠵᠢᠭᠦᠯᠵᠦ᠂ ︽ᠶᠠᠪᠠᠭᠠᠨ ᠶᠠᠪᠤᠵᠤ ᠪᠤᠯᠪᠠᠯ ᠲᠤᠭᠤᠢ ᠤᠨᠤᠬᠤ ᠦᠬᠡᠢ᠂ ᠲᠤᠭᠤᠢ ᠤᠨᠤᠵᠤ ᠪᠤᠯᠪᠠᠯ ᠮᠠᠰᠢᠨ ᠳᠤ ᠰᠠᠭᠤᠬᠤ ᠦᠬᠡᠢ᠂ ᠮᠠᠰᠢᠨ ᠳᠤ ᠰᠠᠭᠤᠵᠤ ᠪᠤᠯᠪᠠᠯ ᠮᠠᠰᠢᠨ ᠪᠠᠷᠢᠬᠤ ᠦᠬᠡᠢ︾ ᠠᠶᠠᠯᠠᠯ ᠤᠨ ᠤᠶᠢᠯᠠᠭᠠᠬᠳᠠᠬᠤᠨ ᠢ ᠪᠣᠶ ᠪᠣᠯᠭᠠᠵᠤ᠂ ᠨᠡᠶᠢᠲᠡ ᠶᠢᠨ ᠮᠠᠰᠢᠨ ᠲᠡᠷᠭᠡ᠂ ᠳᠤᠭᠤᠢ ᠪᠠᠷ ᠪᠤᠶᠤ ᠶᠠᠪᠠᠭᠠᠨ ᠢᠶᠠᠷ ᠠᠵᠢᠯ ᠳᠤ  ᠶᠠᠪᠤᠵᠤ ᠰᠠᠭᠤᠬᠤ ᠵᠡᠷᠭᠡ ᠡᠨᠧᠷᠭᠢ ᠠᠷᠪᠢᠯᠠᠬᠤ ᠪᠦᠲᠦᠮᠵᠢᠲᠡᠶ᠂ ᠡᠷᠡᠭᠦᠯ ᠮᠡᠨᠳᠦ ᠳᠤ ᠠᠰᠢᠭᠲᠠᠢ᠂ ᠪᠣᠬᠢᠷᠲᠤᠯ ᠦᠭᠡᠢ ᠠᠶᠠᠯᠠᠯ ᠢ ᠰᠠᠨᠠᠭᠠᠴᠢᠯᠠᠭ᠎ᠠ ᠠᠴᠠ ᠪᠠᠨ ᠰᠤᠩᠭᠤᠬᠤ ᠪᠦᠬᠡᠳ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠡᠷᠡᠭᠯᠡᠬᠦ ᠬᠡᠷᠡᠭᠳᠡᠢ᠃   ᠰᠠᠨᠠᠭᠠᠴᠢᠯᠠᠭ᠎ᠠ ᠶᠢᠨ ᠪᠢᠴᠢᠭ ᠲᠤ᠂ ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠵᠤ ᠬᠠᠮᠲᠤ ᠪᠠᠷ ᠤᠷᠤᠭᠰᠢᠯᠠᠶ᠎ᠠ︾ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠤᠷᠢᠶᠠᠯᠠᠪᠠ᠃ ᠠᠷᠪᠢᠴᠢ ᠭᠠᠮᠴᠢ ᠪᠠᠶᠢᠭᠤᠯᠭ᠎ᠠ᠂ ᠪᠣᠬᠢᠷᠲᠤᠯ ᠦᠭᠡᠢ ᠬᠤᠭᠤᠯᠠᠨ ᠭᠡᠷ᠂ ᠪᠣᠬᠢᠷᠲᠤᠯ ᠦᠭᠡᠢ ᠡᠮᠨᠡᠯᠭᠡ ᠶᠢᠨ ᠬᠤᠷᠢᠶ᠎ᠠ᠂ ᠪᠣᠬᠢᠷᠲᠤᠯ ᠦᠭᠡᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠦᠬᠦ ᠨᠡᠶᠢᠭᠡᠮ ᠲᠠᠶᠠᠭᠠᠷ ᠤᠨ ᠬᠢᠨ ᠢ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ  ᠠᠷᠪᠢᠯᠠᠭᠤᠯᠬᠤ  ᠪᠠᠷ ᠵᠢᠯᠤᠭᠤᠳᠬᠤ ᠬᠡᠷᠡᠭᠳᠡᠢ᠃ ᠨᠢᠭᠡᠨᠲᠡ ᠪᠠᠶᠢᠭ᠎ᠠ ᠤᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠬᠠᠮᠲᠤᠷᠠᠨ ᠠᠵᠢᠯᠯᠠᠵᠤ ᠬᠠᠷᠢᠯᠴᠠᠨ ᠠᠰᠢᠭ ᠬᠥᠷᠳᠡᠬᠦ ᠡᠨᠧᠷᠭᠢ ᠶᠢᠨ ᠰᠤᠷᠪᠤᠯᠵᠢ ᠶᠢᠨ ᠭᠡᠷᠡᠲᠦ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ᠎ᠡ᠃ ᠤᠯᠠᠨ ᠨᠡᠶᠢᠲᠡ ᠶᠢᠨ ᠪᠠᠶᠢᠭᠤᠯᠤᠮᠵᠢ ᠲᠦᠷᠦᠭᠦᠯᠡᠨ ᠵᠢᠱᠢᠶ᠎ᠡ ᠦᠵᠡᠬᠦᠯᠵᠤ ᠳᠠᠭᠠᠭᠤᠯᠬᠤ ᠠᠵᠢᠯ ᠢ ᠰᠠᠶᠢᠲᠤᠷ ᠬᠢᠵᠦ᠂ ︽ᠨ᠊ ‍ᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠭᠡᠰᠢᠭᠦᠨ ᠠᠵᠤ ᠠᠬᠤᠶᠢᠯᠠᠯ ᠢ ᠤᠬᠠᠮᠰᠠᠷ ᠠᠴᠠ ᠪᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠬᠤ ᠲᠡᠶᠢᠰᠢ ᠵᠢᠯᠤᠭᠤᠳᠴᠤ᠂ ᠬᠥᠮᠥᠨ ᠪᠤᠯᠭᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠦᠭᠡᠢ ᠬᠦᠭᠵᠢᠬᠦᠯᠤᠯᠳᠡ ᠳᠤ ᠬᠤᠪᠢ ᠨᠡᠮᠡᠷᠢ ᠪᠠᠨ ᠦᠵᠡᠭᠦᠯᠬᠦ ᠶᠢ ᠵᠣᠷᠢᠭᠵᠢᠭᠤᠯᠬᠤ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠰᠢᠭᠤᠬᠠᠨ ᠬᠦᠳᠡᠯᠤᠯᠴᠡᠨ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠰᠢᠨ᠎ᠡ ᠣᠶᠢᠯᠠᠭᠠᠭᠳᠠᠬᠤᠨ ᠢ ᠤᠬᠠᠮᠰᠠᠷ ᠠᠴᠠ ᠪᠠᠨ ᠳᠡᠯᠭᠡᠷᠡᠭᠦᠯᠵᠦ᠂ ᠴᠢᠷᠮᠠᠶᠢᠨ ᠦᠢᠯᠡᠳᠦᠯᠭᠡᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠡᠬᠢ ᠪᠠᠶᠠᠯᠢᠭ ᠢ ᠠᠷᠪᠢᠯᠠᠬᠤ᠂  ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠦᠭᠵᠢᠬᠦᠯᠤᠯᠳᠡ ᠶᠢᠨ ᠰᠢᠨ᠎ᠡ ᠪᠠᠶᠢᠳᠠᠯ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂  ᠦᠪᠤᠷ ᠮᠤᠩᠭᠤ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦᠨ ᠴᠢᠳᠠᠯ ᠢᠶᠠᠨ ᠡᠷᠭᠦᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠨᠡᠶᠢᠭᠡᠮ ᠤᠨ ᠬᠡᠪ ᠰᠤᠷᠲᠠᠯ ᠢ ᠬᠠᠮᠳᠤ ᠪᠠᠷ ᠪᠤᠢ ᠪᠤᠯᠭᠠᠰᠤᠭᠠᠢ ᠬᠡᠪᠡ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号