ᠰᠢ ᠶᠢᠨ ᠫᠢᠩ ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠯᠢ ᠴᠢᠶᠠᠩ ᠬᠤᠷᠠᠯ ᠢ ᠡᠷᠭᠢᠯᠡᠵᠥ ᠵᠤᠤ ᠯᠧ ᠵᠢᠢ ᠸᠠᠩ ᠬᠤ᠋ ᠨᠢᠩ ᠼᠠᠢ ᠴᠢ ᠯᠢ ᠰᠢ ᠣᠷᠣᠯᠴᠠᠪᠠ ᠳ᠋ᠢᠩ ᠰᠢᠤᠸᠠᠢ ᠰᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/7/20
   ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 18 ᠤ ᠴᠠᠭᠢᠯᠭᠠᠨ ᠮᠡᠳᠡᠭᠡ    ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ 17 ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠬᠤᠶᠢᠰᠢᠳᠠ ᠶᠢᠨ 5 ᠵᠢᠯ ᠪᠣᠯ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠠᠭ ᠦᠶ᠎ᠡ ᠪᠣᠯᠣᠨ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠤᠲᠠ ᠬᠥᠳᠡᠭᠡ ᠶᠢᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ 
2图.jpg   
   7 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ  ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ    ᠯᠢ ᠴᠢᠶᠠᠩ ᠬᠤᠷᠠᠯ ᠢ ᠡᠷᠭᠢᠯᠡᠵᠡᠢ᠃ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠬᠤᠷᠠᠯ ᠳᠤ ᠣᠷᠣᠯᠴᠠᠪᠠ ᠃ ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃    ᠰᠢ ᠶᠢᠨ ᠫᠢᠩ ᠶᠠᠷᠢᠶᠠᠨ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ ᠪᠤᠯᠭᠠᠵᠤ᠂ ᠠᠯᠢ ᠤᠯᠠᠨ ᠡᠭᠦᠳᠦᠯᠲᠡ ᠶᠢᠨ ᠴᠢᠨᠠᠷᠲᠠᠢ ᠠᠵᠢᠯ ᠢ ᠥᠷᠨᠢᠭᠦᠯᠵᠦ᠂ ᠵᠣᠷᠢᠭ ᠤᠨ ᠶᠡᠭᠡ᠂ ᠡᠷᠴᠢᠮ ᠤᠨ ᠶᠡᠭᠡ᠂ ᠦᠷ᠎ᠡ ᠪᠦᠲᠦᠮᠵᠢ ᠶᠢᠨ ᠶᠡᠭᠡ ᠵᠡᠷᠭᠡ ᠲᠠᠯ᠎ᠠ ᠪᠠᠷ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠤᠨᠤᠯ ᠠᠴᠠ ᠦᠢᠯᠡᠳᠦᠯᠭᠡ ᠭᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠶᠡᠭᠡ ᠠᠯᠬᠤᠮ ᠢ ᠠᠯᠬᠤᠪᠠ᠃ ᠪᠢᠳᠡ ᠠᠮᠢ ᠠᠬᠤᠢ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠴᠡᠭ ᠪᠠ ᠨᠡᠶᠢᠳᠡᠮ ᠢ ᠤᠶᠠᠯᠳᠤᠭᠤᠯᠬᠤ᠂ ᠥᠩᠭᠡᠨ ᠲᠠᠯ᠎ᠠ ᠪᠠ ᠡᠬᠢ ᠦᠨᠳᠦᠰᠦ ᠶᠢ ᠵᠡᠷᠭᠡ ᠪᠠᠷ ᠵᠠᠰᠠᠬᠤ ᠶᠢ ᠴᠢᠬᠤᠯᠠᠴᠢᠯᠠᠵᠤ᠂ ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠴᠠ ᠰᠢᠰᠲ᠋ᠧᠮ ᠲᠠᠢ ᠵᠠᠰᠠᠬᠤ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠪᠡ︔ ᠦᠵᠡᠯᠲᠡ ᠪᠠᠨ ᠬᠤᠪᠢᠷᠠᠭᠤᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ ᠪᠦᠭᠦ ᠨᠠᠮ ᠪᠦᠭᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠤᠬᠠᠮᠰᠠᠷᠲᠤ ᠴᠢᠨᠠᠷ ᠰᠠᠨᠠᠭᠠᠴᠢᠯᠠᠭᠠᠲᠤ ᠴᠢᠨᠠᠷ ᠢ ᠳᠠᠰᠤᠷᠠᠯᠳᠠ ᠦᠭᠡᠢ ᠴᠢᠩᠭᠠᠳᠬᠠᠵᠤ᠂ ᠰᠠᠨᠠᠭᠠᠴᠢᠯᠠᠭᠠᠲᠤ ᠪᠤᠰᠤ ᠪᠠᠷ ᠠᠷᠭᠠᠴᠠᠭᠠᠵᠤ ᠪᠠᠶᠢᠭᠰᠠᠨ ᠠᠴᠠ ᠰᠠᠨᠠᠭᠠᠴᠢᠯᠠᠭ᠎ᠠ ᠲᠠᠢ ᠪᠠᠷ ᠠᠵᠢᠯᠯᠠᠬᠤ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠪᠡ︔ ᠴᠠᠭ ᠦᠶ᠎ᠡ ᠶᠢ ᠴᠢᠩᠭ᠎ᠠ ᠳᠠᠭᠠᠵᠤ᠂ ᠳᠡᠯᠡᠬᠡᠢ ᠳ᠋ᠠᠬᠢᠨ ᠢ ᠪᠠᠷᠠᠯᠠᠵᠤ᠂ ᠶᠡᠭᠡ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠶᠡᠭᠡ ᠤᠯᠤᠰ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠪᠦᠭᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠳᠤ ᠣᠷᠣᠯᠴᠠᠭᠴᠢ ᠪᠠᠶᠢᠭᠰᠠᠨ ᠠᠴᠠ ᠳᠠᠭᠠᠭᠤᠯᠤᠭᠴᠢ ᠪᠤᠯᠬᠤ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠪᠡ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠮ᠎ᠡ ᠶᠣᠰᠣ ᠶᠢᠨ ᠲᠤᠬᠠᠢ ᠲᠠᠨᠢᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠤᠢ ᠪᠤᠯᠭᠠᠵᠤ᠂ ᠦᠢᠯᠡᠳᠦᠯᠭᠡ ᠶᠢᠨ ᠰᠦᠪᠡᠭᠴᠢᠯᠡᠯᠲᠡ ᠠᠴᠠ ᠰᠢᠨᠵᠢᠯᠡᠬᠦ ᠤᠬᠠᠭᠠᠨᠴᠢ ᠤᠨᠤᠯ ᠤᠨ ᠵᠢᠯᠣᠭᠤᠳᠤᠯᠭ᠎ᠠ ᠳᠤ ᠬᠦᠷᠬᠦ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠪᠡ᠃ ᠰᠢᠷᠭᠠᠭᠤ ᠴᠢᠷᠮᠠᠶᠢᠯᠭ᠎ᠠ ᠪᠠᠷ ᠳᠠᠮᠵᠢᠨ᠂ ᠮᠠᠨ ᠤ ᠤᠯᠤᠰ ᠤᠨ ᠠᠭᠠᠷ ᠨᠡᠩ ᠴᠡᠯᠮᠡᠭ᠂ ᠭᠠᠵᠠᠷ ᠨᠡᠩ ᠨᠣᠭᠤᠭᠠᠨ᠂ ᠤᠰᠤ ᠨᠡᠩ ᠲᠤᠩᠭᠠᠯᠠᠭ ᠪᠣᠯᠵᠤ᠂ ᠲᠦᠮᠡᠨ ᠭᠠᠵᠠᠷ ᠤᠨ ᠠᠭᠤᠯᠠ ᠤᠰᠤ ᠨᠡᠩ ᠭᠤᠶᠣᠮᠰᠤᠭ ᠰᠠᠶᠢᠬᠠᠨ ᠪᠣᠯᠪᠠ᠃ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠨᠢ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠤ ᠢᠯᠡᠷᠬᠡᠢ ᠪᠡᠯᠭᠡ ᠲᠡᠮᠳᠡᠭ ᠪᠣᠯᠵᠠᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠮᠠᠨ ᠤ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠴᠡ ᠶᠢᠨ ᠴᠢᠨᠠᠷᠲᠠᠢ᠂ ᠦᠨᠳᠦᠰᠦ ᠰᠤᠷᠪᠤᠯᠵᠢ ᠶᠢᠨ ᠴᠢᠨᠠᠷᠲᠠᠢ᠂ ᠬᠠᠨᠳᠤᠰᠢ ᠶᠢᠨ ᠴᠢᠨᠠᠷᠲᠠᠢ ᠳᠠᠷᠤᠯᠲᠠ ᠬᠠᠷᠠᠬᠠᠨ ᠦᠨᠳᠦᠰᠦᠨ ᠠᠴᠠ ᠪᠠᠨ ᠨᠠᠮᠳᠠᠭᠠᠳᠤᠢ ᠪᠠᠶᠢᠭᠰᠠᠭᠠᠷ᠃ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠪᠦᠬᠦᠢ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠮᠥᠨ ᠬᠦ ᠳᠠᠷᠤᠯᠲᠠ ᠳᠠᠪᠬᠤᠴᠠᠭᠰᠠᠨ᠂ ᠳᠠᠷᠤᠭᠠᠰᠤ ᠲᠠᠢ ᠪᠠᠷ ᠤᠷᠤᠭᠰᠢᠯᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠡᠷᠬᠡᠪᠰᠢ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭᠠᠰᠤ᠂ ᠨᠡᠩ ᠶᠡᠭᠡ ᠡᠷᠴᠢᠮ ᠢᠶᠠᠷ ᠰᠢᠨ᠎ᠡ ᠠᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠵᠠᠳᠠᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠳᠤ᠂ ᠡᠷᠬᠡᠪᠰᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠬᠡᠳᠦᠨ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ᠃ ᠨᠢᠭᠡ ᠳᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠬᠠᠷᠢᠴᠠᠭ᠎ᠠ᠃ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠥᠨᠳᠥᠷᠴᠡ ᠠᠴᠠ ᠬᠥᠭᠵᠢᠯᠲᠡ ᠶᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠣᠷᠴᠢᠨ ᠲᠣᠭᠤᠷᠢᠨ ᠤ ᠬᠠᠮᠠᠭᠠᠯᠠᠯᠲᠠ ᠪᠠᠷ ᠳᠠᠮᠵᠢᠭᠤᠯᠤᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ᠂ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠤᠯᠭᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠬᠥᠭᠵᠢᠯᠲᠡ ᠶᠢᠨ ᠡᠬᠢ ᠪᠠᠶᠠᠯᠢᠭ ᠣᠷᠴᠢᠨ ᠲᠣᠭᠤᠷᠢᠨ ᠤ ᠦᠷᠡᠭᠳᠡᠯ ᠢ ᠪᠦᠲᠦᠮᠵᠢᠲᠡᠢ ᠪᠠᠭᠤᠷᠠᠭᠤᠯᠵᠤ᠂ ᠬᠥᠭᠵᠢᠯᠲᠡ ᠶᠢᠨ ᠳᠠᠯᠳᠠ ᠬᠦᠴᠦᠨ ᠪᠣᠯᠣᠨ ᠨᠥᠭᠡᠴᠡ ᠬᠦᠴᠦᠨ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠪᠠ ᠬᠠᠮᠵᠢᠯᠴᠠᠨ ᠵᠠᠰᠠᠬᠤ ᠶᠢᠨ ᠬᠠᠷᠢᠴᠠᠭ᠎ᠠ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠳᠤ ᠬᠦᠴᠦᠲᠡᠢ ᠠᠷᠭ᠎ᠠ ᠬᠡᠮᠵᠢᠶ᠎ᠡ ᠠᠪᠬᠤ ᠶᠢᠨ ᠵᠡᠷᠭᠡ ᠪᠠᠷ ᠬᠠᠷᠠᠯᠲᠠ ᠶᠢᠨ ᠲᠣᠭᠤᠷᠢᠨ ᠳᠤ ᠬᠠᠮᠵᠢᠯᠴᠠᠬᠤ᠂ ᠣᠯᠠᠨ ᠪᠣᠬᠢᠷᠳᠤᠯ ᠪᠣᠳᠠᠰ ᠢ ᠬᠢᠵᠠᠭᠠᠷᠯᠠᠬᠤ ᠲᠠᠯ᠎ᠠ ᠪᠠᠷ ᠬᠠᠮᠵᠢᠯᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠣᠷᠣᠨ ᠪᠦᠰᠡ ᠪᠠᠷ ᠬᠠᠮᠵᠢᠯᠴᠠᠬᠤ᠂ ᠲᠥᠷᠥ ᠶᠢᠨ ᠪᠣᠳᠣᠯᠭ᠎ᠠ ᠪᠠᠷ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ ᠶᠢᠨ ᠬᠠᠷᠢᠴᠠᠭ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠂ ᠠᠭᠤᠯᠠᠨ ᠣᠷᠣᠢ ᠠᠴᠠ ᠲᠠᠯᠠᠢ ᠲᠠᠩᠭᠢᠰ ᠬᠦᠷᠲᠡᠯᠡᠬᠢ ᠬᠠᠮᠠᠭᠠᠯᠠᠯᠲᠠ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠵᠤ᠂ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ ᠬᠤᠶᠠᠷ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠂ ᠭᠠᠵᠠᠷ ᠣᠷᠣᠨ ᠴᠠᠭ ᠬᠤᠭᠤᠴᠠᠭᠠᠨ ᠳᠤᠨᠢ ᠲᠣᠬᠢᠷᠠᠭᠤᠯᠤᠨ᠂ ᠣᠷᠣᠨ ᠬᠤᠪᠢᠶᠠᠨ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠠᠮᠤᠭ ᠤᠨ ᠰᠠᠶᠢᠨ ᠰᠢᠢᠳᠪᠦᠷᠢᠯᠡᠬᠦ ᠲᠥᠰᠥᠯ ᠢ ᠲᠣᠭᠲᠠᠭᠠᠬᠤ ᠪᠠᠷ ᠴᠢᠷᠮᠠᠶᠢᠬᠤ ᠬᠡᠷᠡᠭᠲᠡᠢ᠃ ᠳᠥᠷᠪᠡ ᠳᠤ᠂ ᠭᠠᠳᠠᠭᠠᠳᠤ ᠬᠢᠵᠠᠭᠠᠷᠯᠠᠯ ᠪᠣᠯᠣᠨ ᠳᠣᠲᠣᠭᠠᠳᠤ ᠬᠥᠳᠡᠯᠭᠡᠬᠦ ᠬᠦᠴᠦᠨ ᠤ ᠬᠠᠷᠢᠴᠠᠭ᠎ᠠ ᠃ ᠬᠠᠮᠤᠭ ᠤᠨ ᠴᠢᠩᠭ᠎ᠠ ᠳᠦᠷᠢᠮ ᠬᠠᠮᠤᠭ ᠤᠨ ᠴᠢᠩᠭ᠎ᠠ ᠬᠠᠤᠯᠢᠵᠢᠯ ᠢᠶᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠢᠮᠠᠭᠲᠠ ᠪᠠᠷᠢᠮᠲᠠᠯᠠᠵᠤ᠂ ᠭᠠᠳᠠᠭᠠᠳᠤ ᠳᠠᠷᠤᠯᠲᠠ ᠶᠢ ᠪᠠᠶᠢᠩᠭᠤᠵᠢᠭᠤᠯᠬᠤ ᠶᠢᠨ ᠵᠡᠷᠭᠡ ᠪᠠᠷ ᠪᠦᠭᠦ ᠨᠡᠶᠢᠭᠡᠮ ᠢᠶᠠᠷ ᠢᠶᠠᠨ ᠬᠠᠮᠲᠤ ᠪᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠲᠠᠪᠤ ᠳᠤ᠂ ︽ᠬᠤᠣᠰ ᠨᠡᠭᠦᠷᠡᠰᠦᠲᠥ᠋ᠷᠥᠭᠴᠢ︾ ᠶᠢᠨ ᠠᠮᠠᠯᠠᠯᠲᠠ ᠪᠣᠯᠣᠨ ᠪᠡᠶ᠎ᠡ ᠪᠠᠨ ᠳᠠᠭᠠᠭᠠᠭᠰᠠᠨ ᠠᠵᠢᠯᠯᠠᠭ᠎ᠠ ᠶᠢᠨ ᠬᠠᠷᠢᠴᠠᠭ᠎ᠠ᠃ ᠮᠠᠨ ᠤ ᠠᠮᠠᠯᠠᠭᠰᠠᠨ ︽ᠬᠤᠣᠰ ᠨᠡᠭᠦᠷᠡᠰᠦᠲᠥ᠋ᠷᠥᠭᠴᠢ︾  ᠶᠢᠨ ᠬᠠᠷᠠᠯᠲᠠ ᠪᠣᠯ ᠰᠢᠯᠵᠢᠰᠢ ᠦᠭᠡᠢ ᠶᠤᠮ᠂ ᠭᠡᠪᠡᠴᠦ ᠡᠨᠡ ᠬᠦ ᠬᠠᠷᠠᠯᠲᠠ ᠳᠤ ᠬᠦᠷᠬᠦ ᠠᠷᠭ᠎ᠠ ᠵᠠᠮ ᠪᠣᠯᠣᠨ ᠠᠷᠭ᠎ᠠ ᠭᠡᠯᠪᠡᠷᠢ᠂ ᠠᠶᠢᠵᠠᠮ ᠪᠣᠯᠣᠨ ᠡᠷᠴᠢᠮ ᠢ ᠪᠢᠳᠡ ᠥᠪᠡᠷ ᠢᠶᠠᠨ ᠡᠵᠡᠨ ᠮᠡᠳᠡᠬᠦ ᠶᠣᠰᠣᠲᠠᠢ ᠪᠥᠭᠡᠳ ᠡᠷᠬᠡᠪᠰᠢ ᠥᠪᠡᠷ ᠢᠶᠠᠨ ᠡᠵᠡᠨ ᠮᠡᠳᠡᠬᠦ ᠬᠡᠷᠡᠭᠲᠡᠢ᠂ ᠶᠠᠭᠠᠬᠢᠭᠰᠠᠨ ᠴᠤ ᠪᠤᠰᠤᠳ ᠤᠨ ᠵᠢᠭᠠᠵᠤ ᠳᠣᠬᠢᠬᠤ ᠶᠢ ᠬᠦᠯᠢᠶᠡᠬᠦ ᠦᠭᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠣᠨᠣᠴᠠᠲᠠᠢ ᠪᠠᠷ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠵᠤ᠂ ᠡᠷᠴᠢᠮ ᠢᠶᠠᠨ ᠪᠠᠲᠤᠯᠠᠵᠤ᠂ ᠭᠦᠨᠴᠡ ᠶᠢ ᠤᠷᠲᠤᠳᠬᠠᠵᠤ᠂ ᠥᠷᠭᠡᠴᠡ ᠪᠠᠨ ᠲᠡᠯᠡᠵᠤ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦ ᠠᠴᠠ ᠨᠢ ᠵᠠᠰᠠᠬᠤ ᠠᠷᠭ᠎ᠠ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ ᠠᠷᠭ᠎ᠠ ᠭᠡᠯᠪᠡᠷᠢ ᠪᠣᠯᠣᠨ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠨ ᠪᠦᠷᠢᠯᠳᠦᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠳᠤᠯ ᠦᠭᠡᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠦᠷ᠎ᠡ ᠬᠤᠶᠢᠴᠢᠰ ᠲᠠᠭᠠᠨ ᠬᠥᠬᠡᠮᠳᠦᠭ ᠨᠣᠭᠤᠭᠠᠨ ᠠᠭᠤᠯᠠ ᠤᠰᠤ ᠲᠠᠢ ᠠᠮᠢ ᠠᠬᠤᠢ ᠶᠢᠨ ᠣᠷᠣᠨ ᠵᠠᠢ ᠶᠢ ᠦᠯᠡᠳᠡᠭᠡᠵᠦ ᠥᠭᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠪᠦᠭᠦ ᠤᠯᠤᠰ ᠢᠶᠠᠷ ᠢᠶᠠᠨ ᠨᠢᠭᠡᠳᠦᠯᠲᠡᠢ ᠲᠥᠯᠥᠪᠵᠢᠭᠦᠯᠬᠦ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠤᠣᠰ ᠬᠦᠷᠳᠦ ᠪᠠᠷ ᠬᠥᠳᠡᠯᠭᠡᠭᠦᠷ ᠪᠤᠯᠭᠠᠬᠤ᠂ ᠳᠣᠲᠣᠭᠠᠳᠤ ᠭᠠᠳᠠᠭᠠᠳᠤ ᠶᠢ ᠰᠠᠭᠠᠳ ᠦᠭᠡᠢ ᠨᠡᠪᠲᠡᠷᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠠᠷᠴᠢᠮ ᠢ ᠪᠠᠷᠢᠮᠲᠠᠯᠠᠵᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ︽1 + N︾ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠰᠠᠶᠢᠲᠤᠷ ᠨᠠᠶᠢᠳᠠᠪᠤᠷᠢᠵᠢᠭᠤᠯᠵᠤ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠠᠮᠤᠷ ᠲᠦᠪᠰᠢᠨ ᠥᠨᠳᠥᠷ ᠪᠦᠲᠦᠮᠵᠢᠲᠡᠢ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠳᠡᠪᠬᠢᠲᠡᠢ ᠪᠦᠲᠦᠮᠵᠢᠲᠡᠢ ᠠᠷᠭᠠᠴᠠᠭᠠᠵᠤ᠂ ᠠᠮᠢ ᠠᠬᠤᠢ ᠶᠢᠨ ᠠᠮᠤᠷ ᠲᠦᠪᠰᠢᠨ᠂ ᠴᠥᠮ᠎ᠡ ᠪᠣᠯᠣᠨ ᠰᠠᠴᠤᠷᠠᠭ ᠤᠨ ᠠᠮᠤᠷ ᠲᠦᠪᠰᠢᠨ ᠵᠡᠷᠭᠡ ᠶᠢ ᠦᠨᠡᠨ ᠬᠦ ᠬᠠᠮᠠᠭᠠᠯᠠᠵᠤ᠂ ᠪᠢᠳᠡᠨ ᠤ ᠣᠷᠣᠰᠢᠨ ᠲᠣᠭᠲᠠᠨᠢᠵᠤ ᠬᠥᠭᠵᠢᠬᠦ ᠪᠠᠶᠢᠭᠠᠯᠢ ᠶᠢᠨ ᠣᠷᠴᠢᠨ ᠲᠣᠭᠤᠷᠢᠨ ᠪᠣᠯᠣᠨ ᠨᠥᠬᠦᠴᠡᠯ ᠤᠨ ᠰᠦᠷᠳᠡᠭᠦᠯᠦᠯ ᠪᠠ ᠡᠪᠳᠡᠯᠡᠭᠡ ᠳᠤ ᠤᠴᠠᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠡᠯ᠎ᠡ ᠬᠦᠷᠢᠶᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠠᠤᠯᠢᠵᠢᠯ᠂ ᠵᠠᠬ᠎ᠠ ᠳᠡᠯᠭᠡᠭᠦᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ᠂ ᠡᠬᠢ ᠪᠠᠶᠠᠯᠢᠭ ᠡᠨᠧᠷᠭᠢ ᠵᠡᠷᠭᠡ ᠬᠦᠷᠢᠶᠡᠨ ᠤ ᠬᠤᠯᠪᠣᠭᠳᠠᠯ ᠪᠦᠬᠦᠢ ᠬᠠᠤᠯᠢ ᠴᠠᠭᠠᠵᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ᠂ ᠡᠬᠡ ᠬᠠᠭᠤᠷᠠᠢ ᠪᠠ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ ᠣᠷᠣᠨ ᠪᠦᠰᠡ ᠬᠤᠯᠪᠤᠭᠠᠯᠠᠨ ᠬᠥᠳᠡᠯᠦᠯᠴᠡᠬᠦ ᠬᠠᠮᠤᠭ ᠤᠨ ᠴᠢᠩᠭ᠎ᠠ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ ᠢ ᠬᠡᠷᠡᠭᠵᠢᠭᠦᠯᠵᠦ᠂ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠳᠡᠮᠵᠢᠯᠭᠡ᠂ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠮᠥᠩᠭᠦᠨ ᠭᠦᠢᠯᠭᠡᠭᠡᠨ ᠤ ᠳᠡᠮᠵᠢᠯᠭᠡ᠂ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠪᠣᠬᠢᠷᠳᠤᠯ ᠭᠠᠳᠠᠭᠰᠢᠯᠠᠭᠤᠯᠬᠤ ᠡᠷᠬᠡ ᠵᠡᠷᠭᠡ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠨᠢᠭᠡ ᠴᠣᠭᠴᠠᠵᠢᠭᠤᠯᠤᠨ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢᠨ ᠶᠡᠷᠦᠩᠬᠡᠢ ᠬᠡᠪᠴᠢᠶᠡᠨ ᠳᠤ ᠣᠷᠣᠭᠤᠯᠵᠤ᠂ ᠰᠢᠯᠵᠢᠭᠦᠯᠦᠨ ᠥᠭᠬᠦ᠂ ᠬᠤᠳᠠᠯᠳᠤᠨ ᠥᠭᠬᠦ᠂ ᠪᠠᠷᠢᠴᠠᠭᠠᠯᠠᠬᠤ᠂ ᠬᠤᠪᠢ ᠣᠷᠣᠭᠤᠯᠬᠤ ᠵᠡᠷᠭᠡ ᠵᠠᠬ᠎ᠠ ᠳᠡᠯᠭᠡᠭᠦᠷ ᠤᠨ ᠠᠷᠠᠯᠵᠢᠶᠠᠨ ᠤ ᠠᠵᠢᠯᠯᠠᠭ᠎ᠠ ᠶᠢ ᠲᠡᠮᠵᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠷᠴᠢᠨ ᠲᠣᠭᠤᠷᠢᠨ ᠤ ᠵᠠᠰᠠᠯᠲᠠ ᠶᠢᠨ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠣᠯᠣᠨ ᠣᠷᠴᠢᠨ ᠲᠣᠭᠤᠷᠢᠨ ᠤ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠣᠬᠢᠷᠳᠤᠯ ᠪᠣᠳᠠᠰ ᠢ ᠵᠠᠰᠠᠬᠤ ᠵᠡᠷᠭᠡ ᠶᠢ ᠤᠯᠤᠰ ᠤᠨ ᠰᠠᠭᠤᠷᠢ ᠰᠤᠳᠤᠯᠭᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯᠳᠠᠯᠭ᠎ᠠ ᠲᠠᠢ ᠬᠦᠷᠢᠶ᠎ᠡ ᠪᠤᠯᠭᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭ᠎ᠠ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ᠥᠨᠳᠥᠷ ᠲᠦᠪᠰᠢᠨ ᠪᠦᠬᠦᠢ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠪᠤᠶᠢᠵᠢᠭᠤᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡ ᠶᠢ ᠭᠦᠨᠵᠡᠭᠡᠶᠢᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠲᠣᠭᠠᠴᠢᠯᠠᠭᠰᠠᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠪᠣᠬᠢᠷᠳᠤᠯ ᠦᠭᠡᠢ ᠣᠶᠤᠨᠴᠢ ᠲᠣᠭᠠᠴᠢᠯᠠᠭᠰᠠᠨ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠬᠠᠷᠠᠯᠲᠠ ᠮᠥᠨ᠂ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠬᠦ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠣᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠱᠠᠯᠠᠪᠳᠠᠨ ᠰᠤᠳᠤᠯᠤᠨ ᠲᠣᠭᠲᠠᠭᠠᠵᠤ᠂ ᠪᠦᠭᠦ ᠲᠠᠯ᠎ᠠ ᠶᠢ ᠬᠠᠮᠤᠷᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠱᠠᠩᠨᠠᠵᠤ ᠲᠣᠷᠭᠠᠬᠤ ᠲᠣᠳᠣᠷᠬᠠᠢ᠂ ᠭᠤᠭᠴᠤᠭ᠎ᠠ ᠪᠦᠭᠦᠨ ᠢ ᠬᠤᠯᠪᠣᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠬᠤᠪᠢᠶᠠᠷᠢᠯᠠᠨ ᠬᠠᠷᠢᠭᠤᠴᠠᠬᠤ ᠶᠢ ᠴᠢᠩᠭᠠᠳᠬᠠᠵᠤ᠂ ᠵᠣᠬᠢᠴᠠᠭᠤᠯᠵᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠬᠠᠮᠠᠭᠠᠯᠠᠯᠲᠠ ᠶᠢᠨ ᠬᠠᠤᠯᠢᠵᠢᠯ ᠤᠨ ᠪᠠᠶᠢᠭᠤᠯᠤᠯᠲᠠ ᠪᠠ ᠬᠠᠤᠯᠢ ᠴᠠᠭᠠᠵᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠰᠬᠠᠢ ᠰᠡᠳᠦᠪ ᠢᠶᠠᠷ ᠵᠥᠪᠯᠡᠬᠦ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠯᠢ ᠴᠢᠶᠠᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠯᠣᠭᠰᠠᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠯᠤᠲᠤ ᠶᠡᠭᠡ ᠠᠮᠵᠢᠯᠲᠠ ᠪᠦᠲᠦᠮᠵᠢ ᠢᠯᠠᠩᠭᠤᠶ᠎ᠠ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠶᠢ ᠳ᠋ᠦᠩᠨᠡᠵᠦ᠂ ᠣᠳᠣᠬᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠢ ᠵᠠᠳᠠᠯᠵᠤ᠂ ᠰᠢᠨ᠎ᠡ ᠠᠶᠠᠨ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠰᠠᠶᠢᠲᠤᠷ ᠰᠢᠢᠳᠪᠦᠷᠢᠯᠡᠬᠦ ᠴᠢᠬᠤᠯᠠᠲᠠᠢ ᠴᠢᠬᠤᠯᠠ ᠶᠡᠭᠡ ᠬᠠᠷᠢᠴᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠶᠢᠷᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠤᠯᠠᠮ ᠴᠢᠩᠭᠠᠳᠬᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠴᠢᠭᠯᠡᠯ ᠤᠨ ᠵᠢᠯᠣᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠠᠢ ᠤᠶᠠᠯᠳᠤᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠢ ᠤᠯᠠᠮ ᠬᠥᠭᠵᠢᠭᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠥᠮᠥᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠶᠢ ᠲᠦᠷᠭᠡᠨ ᠠᠬᠢᠭᠤᠯᠬᠤ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠥᠬᠦᠷᠡᠰᠢ ᠦᠭᠡᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠭᠡᠷᠡᠭᠲᠡᠢ︔ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠪᠤᠯᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠪᠤᠢ ᠪᠤᠯᠭᠠᠬᠤ ᠭᠡᠷᠡᠭᠳᠠᠢ︔ ᠬᠥᠮᠥᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ᠂ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠭᠡᠷᠡᠭᠳᠠᠢ︔ ᠨᠢᠭᠡᠨᠲᠡ ᠲᠣᠭᠲᠠᠭᠰᠠᠨ ᠬᠠᠷᠠᠯᠲᠠ ᠶᠢ ᠣᠨᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠬᠦᠷᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠲᠡᠶᠢᠰᠢ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠭᠡᠷᠡᠭᠲᠡᠢ︔ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠠᠶᠢᠩᠭᠤᠵᠢᠭᠤᠯᠤᠨ ᠬᠠᠮᠢᠶᠠᠷᠤᠨ ᠡᠵᠡᠮᠳᠡᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠮᠢ ᠠᠬᠤᠢ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠭᠡᠷᠡᠭᠳᠠᠢ︔ ᠴᠢᠩᠭ᠎ᠠ ᠪᠠᠶᠢᠬᠤ ᠭᠦᠭ ᠠᠶᠠᠰ ᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃  ᠁   ᠠᠮᠢ ᠠᠬᠤᠢ ᠣᠷᠴᠢᠨ ᠲᠣᠭᠤᠷᠢᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠵᠧᠵᠢᠶᠠᠩ ᠮᠤᠵᠢ᠂ ᠬᠤᠪᠧᠢ ᠮᠤᠵᠢ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃     ᠬᠤᠷᠠᠯ ᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠮᠤᠵᠢ ᠣᠷᠣᠨ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃       
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号